ᠳ∙ᠠᠨᠤᠨᠳᠠᠷᠢ ᠳᠡᠳ᠋ ᠪᠠᠶᠢᠷᠢᠨ ᠳᠤ ᠰᠢᠯᠭᠠᠷᠠᠵᠠᠢ  | News.MN

ᠳ∙ᠠᠨᠤᠨᠳᠠᠷᠢ ᠳᠡᠳ᠋ ᠪᠠᠶᠢᠷᠢᠨ ᠳᠤ ᠰᠢᠯᠭᠠᠷᠠᠵᠠᠢ 

ᠮᠢᠰᠰ ᠳ∙ᠠᠨᠤᠨᠳᠠᠷᠢ Miss Tourism World 2019 ᠲᠡᠮᠡᠴᠡᠭᠡᠨ ᠳᠦ ᠡᠬᠡ ᠣᠷᠣᠨ ᠢᠶᠠᠨ ᠲᠥᠯᠥᠭᠡᠯᠡᠨ ᠠᠮᠵᠢᠯᠲᠠᠲᠠᠢ ᠣᠷᠣᠯᠴᠠᠵᠤ᠂ ᠳᠡᠳ᠋ ᠪᠠᠶᠢᠷᠢᠨ ᠳᠤ ᠰᠢᠯᠭᠠᠷᠠᠵᠠᠢ᠃ ᠡᠨᠡ ᠵᠢᠯ ᠦᠨ Miss Tourism World 2019 ᠲᠡᠮᠡᠴᠡᠭᠡᠨ ᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠦ 20 ᠬᠣᠨᠣᠭ ᠤᠨ ᠲᠤᠷᠰᠢ ᠵᠣᠬᠢᠶᠠᠨ ᠪᠠᠶᠢᠭᠤᠯᠤᠭᠰᠠᠨ ᠪᠥᠭᠡᠳ 67 ᠣᠷᠣᠨ ᠤ ᠦᠵᠡᠰᠭᠦᠯᠡᠩᠲᠦ  ᠪᠦᠰᠡᠭᠦᠶᠢᠴᠦᠳ ᠲᠡᠢ ᠮᠡᠳᠡᠯᠭᠡ ᠴᠢᠳᠠᠪᠤᠷᠢ᠂ ᠠᠪᠢᠶᠠᠰ ᠪᠢᠯᠢᠭ᠂ ᠭᠣᠸ᠎ᠠ ᠦᠵᠡᠰᠭᠦᠯᠡᠩ ᠢᠶᠡᠷ ᠢᠶᠡᠨ ᠥᠷᠢᠰᠦᠯᠳᠦᠭᠰᠡᠨ ᠪᠠᠶᠢᠨ᠎ᠠ᠃ ᠲᠡᠷᠡᠪᠡᠷ ᠰᠢᠯᠢᠳᠡᠭ ᠪᠢᠺᠢᠨᠢ ᠲᠥᠷᠥᠯ ᠪᠣᠯᠤᠨ ᠰᠢᠯᠢᠳᠡᠭ ᠨᠠᠢᠮᠠᠨ ᠠᠪᠢᠶᠠᠰ ᠦᠵᠡᠭᠦᠯᠪᠦᠷᠢ ᠳᠦ ᠪᠠᠭᠲᠠᠭᠰᠠᠨ ᠠᠮᠵᠢᠯᠲᠠ ᠶᠢ ᠦᠵᠡᠭᠦᠯᠵᠡᠢ᠃ ᠣᠳᠣ 24 ᠨᠠᠰᠤᠲᠠᠢ ᠮᠢᠰᠰ ᠪᠦᠰᠡᠭᠦᠢ 2015 ᠣᠨ ᠳᠤ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠶᠢ ᠠᠶᠠᠯᠠᠯ ᠵᠢᠭᠤᠯᠴᠢᠯᠠᠯ ᠤᠨ ᠮᠧᠨᠧᠵᠮᠧᠨᠲ ᠦᠨ ᠴᠢᠭᠯᠡᠯ ᠢᠶᠡᠷ ᠲᠡᠭᠦᠰᠦᠭᠰᠡᠨ ᠪᠥᠭᠡᠳ ᠲᠸᠯᠸᠢᠰ ᠦᠨ ᠬᠥᠲᠥᠯᠥᠭᠴᠢ ᠪᠡᠷ ᠠᠵᠢᠯᠯᠠᠳᠠᠭ ᠃

ᠰᠡᠳᠬᠢᠭᠳᠡᠯ ᠦᠯᠡᠳᠡᠭᠡᠬᠦ