ᠬᠠᠷᠢᠯᠴᠠᠭ᠎ᠠ ᠬᠣᠯᠪᠣᠭᠠᠨ ᠤ  ᠬᠢᠨ ᠰᠡᠳᠬᠦᠯᠴᠢᠳ ᠲᠡᠢ ᠠᠭᠤᠯᠵᠠᠯ᠎ᠠ  | News.MN

ᠬᠠᠷᠢᠯᠴᠠᠭ᠎ᠠ ᠬᠣᠯᠪᠣᠭᠠᠨ ᠤ  ᠬᠢᠨ ᠰᠡᠳᠬᠦᠯᠴᠢᠳ ᠲᠡᠢ ᠠᠭᠤᠯᠵᠠᠯ᠎ᠠ 

ᠥᠨᠥᠳᠥᠷ ᠬᠡᠪᠯᠡᠯ ᠮᠡᠳᠡᠭᠡᠯᠡᠯ ᠦᠨ ᠲᠣᠮᠣᠬᠠᠨ ᠰᠠᠶᠢᠲ ᠤᠳ ᠪᠣᠯᠤᠨ ᠨᠡᠶᠢᠰᠯᠡᠯ ᠦᠨ ᠣᠨᠴᠠᠭᠠᠢ ᠪᠠᠶᠢᠳᠠᠯ ᠤᠨ ᠺᠣᠮᠢᠰ᠂ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶ᠎ᠠ ᠬᠠᠮᠲᠤᠷᠠᠨ ᠬᠤᠷᠠᠯᠳᠤᠯ᠎ᠠ᠃ ᠬᠤᠷᠠᠯ ᠤᠨ ᠦᠶ᠎ᠡ ᠪᠡᠷ ᠬᠣᠶᠠᠷ ᠭᠣᠣᠯ ᠠᠰᠠᠭᠤᠳᠠᠯ ᠢ ᠬᠥᠨᠳᠡᠭᠰᠡᠨ ᠪᠥᠭᠡᠳ ︽ᠨᠢᠭᠡᠳᠦᠭᠰᠡᠨ ᠵᠠᠷᠯᠠᠨ ᠮᠡᠳᠡᠭᠡᠯᠡᠯ ᠦᠨ ᠰᠢᠰᠲ᠋ᠧᠮ︾ ᠢ ᠰᠠᠶᠢᠲ ᠤᠳ  ᠢᠶᠠᠷ ᠬᠡᠷᠡᠭᠵᠢᠭᠦᠯᠵᠦ᠂ ᠵᠥᠪᠯᠡᠮᠵᠢ᠂ ᠮᠡᠳᠡᠭᠡᠯᠡᠯ᠂ ᠰᠡᠷᠡᠮᠵᠢᠯᠡᠭᠦᠯᠭᠡ ᠶᠢ ᠠᠷᠠᠳ ᠢᠷᠭᠡᠳ ᠲᠦ ᠪᠡᠨ ᠬᠡᠷᠬᠢᠨ ᠴᠠᠭ ᠠᠯᠳᠠᠯ ᠦᠭᠡᠢ ᠲᠦᠷᠭᠡᠨ ᠰᠢᠭᠤᠷᠬᠠᠢ ᠬᠦᠷᠭᠡᠬᠦ ᠪᠤᠢ ᠭᠡᠳᠡᠭ ᠲᠠᠯ᠎ᠠ ᠪᠠᠷ ᠥᠪᠡᠷᠰᠡᠳ ᠦᠨ ᠪᠠᠶᠢᠷᠢ ᠰᠠᠭᠤᠷᠢ ᠶᠢ ᠰᠣᠯᠢᠯᠴᠠᠭᠰᠠᠨ ᠶᠤᠮ᠃ ᠦᠷ᠎ᠡ ᠳ᠋ᠦᠩ ᠳᠦ ᠨᠢ ᠮᠡᠳᠡᠭᠡ ᠮᠡᠳᠡᠭᠡᠯᠡᠯ ᠦᠨ ᠲᠣᠮᠣᠬᠠᠨ ᠰᠠᠶᠢᠲ ᠤᠳ ᠨᠡᠶᠢᠰᠯᠡᠯ ᠦᠨ ᠣᠨᠴᠠᠭᠠᠢ ᠪᠠᠶᠢᠳᠠᠯ ᠤᠨ ᠭᠠᠵᠠᠷ ᠠᠴᠠ ᠥᠭᠬᠦ ᠰᠡᠷᠡᠮᠵᠢᠭᠦᠯᠦᠯᠭᠡ᠂ ᠵᠦᠪᠯᠡᠯᠭᠡ᠂ ᠮᠡᠳᠡᠭᠡᠯᠡᠯ ᠢ ᠴᠠᠭ ᠠᠯᠳᠠᠯ ᠦᠭᠡᠢ ᠳᠠᠮᠵᠢᠭᠤᠯᠬᠤ ᠪᠠᠷ ᠰᠠᠨᠠᠯ ᠨᠢᠭᠡᠳᠦᠯ᠎ᠡ᠃ ᠲᠡᠭᠦᠨᠴᠢᠯᠡᠨ ᠨᠢᠭᠡᠳᠦᠭᠰᠡᠨ ᠨᠢᠭᠡ ᠰᠤᠪᠠᠭ ᠢᠶᠠᠷ ᠮᠡᠳᠡᠭᠡᠯᠡᠯ ᠦᠨ ᠡᠬᠢ ᠰᠤᠷᠪᠤᠯᠵᠢ ᠶᠢ ᠠᠪᠬᠤ ᠡᠭᠦᠳᠡᠨ ᠡᠴᠡ ᠨᠡᠶᠢᠰᠯᠡᠯ ᠦᠨ ᠣᠨᠴᠠᠭᠠᠢ ᠪᠠᠶᠢᠳᠠᠯ ᠤᠨ ᠬᠡᠪᠯᠡᠯ ᠦᠨ ᠠᠯᠪᠠᠨ ᠠᠴᠠ ᠳᠣᠯᠣᠭ᠎ᠠ ᠬᠣᠨᠣᠭ ᠲᠤ ᠨᠢᠭᠡ ᠤᠳᠠᠭ᠎ᠠ ᠠᠯᠪᠠᠨ ᠤ ᠮᠡᠳᠡᠭᠡᠯᠡᠯ ᠢ ᠬᠦᠷᠭᠡᠭᠦᠯᠵᠦ ᠪᠠᠶᠢᠬᠤ ᠪᠠᠷ ᠪᠣᠯᠪᠠ᠃
ᠮᠣᠩᠭᠣᠯ ᠤᠯᠤᠰ ᠤᠨ ᠬᠡᠮᠵᠢᠶᠡᠨ ᠳᠦ ᠳ᠋ᠤᠮᠠᠢ ᠶᠢᠨ ᠨᠡᠷ᠎ᠡ ᠡᠵᠡᠮᠰᠢᠳᠡᠭ ᠮᠠᠰᠢ ᠣᠯᠠᠨ ᠰᠠᠶᠢᠲ ᠪᠠᠶᠢᠳᠠᠭ᠃ ᠲᠡᠳᠡᠭᠡᠷ ᠦᠨ ᠴᠢᠨᠠᠷ ᠢ ᠰᠠᠶᠢᠵᠢᠷᠠᠭᠤᠯᠵᠤ᠂ ᠮᠡᠳᠡᠭᠡᠯᠡᠯ ᠦᠨ ᠦᠨ᠎ᠡ  ᠴᠡᠨ᠎ᠡ ᠶᠢ ᠬᠠᠳᠠᠭᠠᠯᠠᠬᠤ ᠶᠢᠨ ᠲᠤᠯᠠᠳᠠ ᠱᠠᠭᠠᠷᠳᠠᠯᠭ᠎ᠠ ᠬᠠᠩᠭᠠᠬᠤ ᠦᠭᠡᠢ ᠵᠠᠷᠢᠮ ᠮᠡᠳᠡᠭᠡᠯᠡᠯ ᠦᠨ ᠰᠠᠶᠢᠲ ᠤᠳ ᠢ ᠬᠠᠭᠠᠬᠤ ᠬᠦᠷᠲᠡᠯ᠎ᠡ ᠠᠷᠭ᠎ᠠ ᠬᠡᠮᠵᠢᠶ᠎ᠡ ᠶᠢ ᠠᠪᠤᠨ᠎ᠠ ᠭᠡᠵᠦ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶᠠᠨ ᠤ ᠳᠠᠷᠤᠭ᠎ᠠ ᠭ∙ᠴᠢᠩᠵᠣᠷᠢᠭ ᠬᠡᠯᠡᠯ᠎ᠡ᠃ ᠳ᠋ᠤᠮᠠᠢ ᠶᠢᠨ ᠨᠡᠷ᠎ᠡ ᠣᠯᠭᠣᠬᠤ ᠡᠷᠬᠡ ᠶᠢ  ᠳ᠋ᠠᠲ᠋ᠠᠺᠤᠮ ᠺᠣᠮᠫᠠᠨᠢ ᠴᠢᠨᠠᠭᠰᠢᠳᠠ ᠬᠠᠷᠢᠭᠤᠴᠠᠬᠤ ᠦᠭᠡᠢ ᠪᠥᠭᠡᠳ ᠦᠨᠳᠦᠰᠦᠨ ᠦ ᠵᠣᠬᠢᠴᠠᠭᠤᠯᠬᠤ ᠬᠣᠷᠢᠶ᠎ᠠ ᠬᠠᠷᠢᠭᠤᠴᠠᠬᠤ ᠪᠠᠷ ᠪᠣᠯᠵᠠᠢ᠃

ᠰᠡᠳᠬᠢᠭᠳᠡᠯ ᠦᠯᠡᠳᠡᠭᠡᠬᠦ