16 ᠨᠠᠰᠤ ᠲᠠᠢ ᠬᠡᠦᠬᠡᠳ ᠮᠠᠰᠢᠨ ᠬᠤᠯᠠᠭᠠᠶᠢᠯᠠᠵᠠᠢ | News.MN

16 ᠨᠠᠰᠤ ᠲᠠᠢ ᠬᠡᠦᠬᠡᠳ ᠮᠠᠰᠢᠨ ᠬᠤᠯᠠᠭᠠᠶᠢᠯᠠᠵᠠᠢ

ᠲᠡᠭᠡᠭᠡᠪᠦᠷᠢ ᠶᠢᠨ ᠴᠠᠭᠳᠠᠭ᠎ᠠ ᠶᠢᠨ ᠠᠯᠪᠠᠨ ᠠᠴᠠ ᠣᠷᠣᠨ ᠨᠤᠲᠤᠭ ᠠᠴᠠ ᠨᠡᠶᠢᠰᠯᠡᠯ ᠤᠷᠤᠭᠤ ᠣᠷᠣᠵᠤ ᠢᠷᠡᠵᠦ ᠪᠠᠶᠢᠭ᠎ᠠ ᠲᠡᠭᠡᠭᠡᠪᠦᠷᠢ ᠶᠢᠨ ᠬᠡᠷᠡᠭᠰᠡᠯ ᠦᠨ ᠠᠴᠢᠶ᠎ᠠ ᠲᠡᠭᠡᠭᠡᠰᠢ ᠳᠦ ᠦᠵᠡᠯᠭᠡ ᠰᠢᠯᠭᠠᠯᠲᠠ ᠬᠢᠵᠦ᠂ ᠬᠤᠯᠠᠭᠠᠢ ᠶᠢᠨ ᠭᠡᠮᠲᠦ ᠬᠡᠷᠡᠭ᠂ ᠵᠥᠷᠢᠴᠡᠯ᠂ ᠲᠡᠭᠡᠭᠡᠪᠦᠷᠢ ᠶᠢᠨ ᠬᠡᠷᠡᠭᠰᠡᠯ ᠬᠤᠯᠠᠭᠠᠶᠢᠯᠠᠭᠰᠠᠨ ᠭᠡᠮᠲᠦ ᠬᠡᠷᠡᠭ ᠦᠳ ᠢ ᠢᠯᠡᠷᠡᠭᠦᠯᠵᠡᠢ᠃ ᠲᠤᠬᠠᠶᠢᠯᠠᠪᠠᠯ᠂ ᠰᠣᠩᠭᠢᠨ᠎ᠠ ᠬᠠᠶᠢᠷᠬᠠᠨ ᠳᠡᠭᠦᠷᠭᠡ ᠶᠢᠨ 26 ᠳ᠋ᠤᠭᠠᠷ ᠬᠣᠷᠢᠶ᠎ᠠ ᠪᠠᠷᠠᠭᠤᠨ ᠠᠶᠢᠮᠠᠭ ᠤᠷᠤᠭᠤ ᠰᠠᠯᠳᠠᠭ ᠪᠠᠶᠢᠩᠭᠤ ᠶᠢᠨ ᠬᠢᠨᠠᠯᠲᠠ ᠶᠢᠨ ᠫᠤᠰᠲ ᠲᠤ ᠡᠭᠦᠷᠭᠡ ᠭᠦᠢᠴᠡᠳᠭᠡᠵᠦ ᠪᠠᠶᠢᠭᠰᠠᠨ ᠴᠠᠭᠳᠠᠭ᠎ᠠ ᠵᠣᠬᠢᠴᠠᠭᠤᠯᠤᠭᠴᠢ᠂ ᠴᠠᠭᠳᠠᠭ᠎ᠠ ᠶᠢᠨ ᠠᠬᠠᠯᠠᠬᠤ ᠠᠬᠠᠯᠠᠭᠴᠢ ᠽ∙ᠪᠠᠲᠤᠮᠥᠶᠢᠩᠬᠡ ᠲᠤᠰ ᠳᠡᠭᠦᠷᠭᠡ ᠶᠢᠨ ᠢᠷᠭᠡᠨ Gᠤᠨ ᠡᠵᠡᠮᠰᠢᠯ ᠦᠨ Hyundai Verna ᠮᠠᠷᠺ ᠤᠨ ᠮᠠᠰᠢᠨ ᠢ B᠂ E ︵16 ᠨᠠᠰᠤᠲᠠᠢ︶ ᠨᠠᠷ ᠪᠦᠯᠦᠭᠯᠡᠨ ᠬᠤᠯᠠᠭᠠᠶᠢᠯᠠᠭᠰᠠᠨ ᠭᠡᠮᠲᠦ ᠬᠡᠷᠡᠭ ᠢ ᠢᠯᠡᠷᠡᠭᠦᠯᠵᠦ᠂ ᠬᠠᠷᠢᠶ᠎ᠠ ᠴᠠᠭᠳᠠᠭ᠎ᠠ ᠶᠢᠨ ᠬᠡᠯᠲᠡᠰ ᠲᠦ ᠰᠢᠯᠵᠢᠭᠦᠯᠦᠭᠰᠡᠨ ᠪᠠᠶᠢᠨ᠎ᠠ᠃
ᠮᠠᠰᠢᠨ ᠤ ᠬᠤᠯᠠᠭᠠᠢ ᠶᠢᠨ ᠭᠡᠮᠲᠦ ᠬᠡᠷᠡᠭ ᠢ ᠦᠢᠯᠡᠳᠦᠭᠰᠡᠨ B᠂ E ᠨᠢ ᠰᠣᠩᠭᠢᠨ᠎ᠠ ᠬᠠᠶᠢᠷᠬᠠᠨ ᠳᠡᠭᠦᠷᠭᠡ ᠡᠴᠡ ᠭᠤᠷᠪᠠ᠂ ᠰᠦᠬᠡᠪᠠᠭᠠᠲᠤᠷ ᠳᠡᠭᠦᠷᠭᠡ ᠶᠢᠨ ᠨᠤᠲᠤᠭ ᠳᠡᠪᠢᠰᠬᠡᠷ ᠡᠴᠡ ᠨᠢᠭᠡ ᠲᠡᠭᠡᠭᠡᠪᠦᠷᠢ ᠶᠢᠨ ᠬᠡᠷᠡᠭᠰᠡᠯ ᠢ ᠬᠤᠯᠠᠭᠠᠶᠢᠯᠠᠭᠰᠠᠨ ᠳᠦᠷᠪᠡᠨ ᠤᠳᠠᠭ᠎ᠠ ᠶᠢᠨ ᠦᠢᠯᠡᠳᠦᠯ ᠲᠡᠢ ᠡᠷᠢᠨ ᠰᠤᠷᠪᠤᠯᠵᠢᠯᠠᠭᠳᠠᠵᠤ ᠪᠠᠶᠢᠭᠰᠠᠨ ᠡᠲᠡᠭᠡᠳ  ᠪᠣᠯᠬᠤ ᠶᠢ ᠰᠢᠯᠭᠠᠯᠲᠠ ᠶᠢᠨ ᠶᠠᠪᠤᠴᠠ ᠳᠤ ᠲᠤᠭᠲᠠᠭᠠᠵᠠᠢ ᠃

ᠰᠡᠳᠬᠢᠭᠳᠡᠯ ᠦᠯᠡᠳᠡᠭᠡᠬᠦ