ᠦᠨᠳᠦᠰᠦᠨ ᠦ ᠭᠧᠣᠯᠣᠭᠢ ᠶᠢᠨ ᠠᠯᠪᠠ  ᠪᠠᠶᠢᠭᠤᠯᠤᠨ᠎ᠠ | News.MN

ᠦᠨᠳᠦᠰᠦᠨ ᠦ ᠭᠧᠣᠯᠣᠭᠢ ᠶᠢᠨ ᠠᠯᠪᠠ  ᠪᠠᠶᠢᠭᠤᠯᠤᠨ᠎ᠠ

ᠥᠨᠥᠳᠥᠷ ︵10.16︶ ᠬᠤᠷᠠᠯᠳᠤᠭᠰᠠᠨ ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠢᠶᠠᠷ ᠦᠨᠳᠦᠰᠦᠨ ᠦ ᠭᠧᠣᠯᠣᠭᠢ ᠶᠢᠨ ᠠᠯᠪᠠ ᠪᠠᠶᠢᠭᠤᠯᠬᠤ ᠲᠤᠬᠠᠢ ᠠᠰᠠᠭᠤᠳᠠᠯ ᠢ ᠨᠡᠩ  ᠶᠠᠭᠠᠷᠠᠯᠲᠠᠢ ᠬᠡᠯᠡᠯᠴᠡᠭᠦᠯᠬᠦ ᠪᠡᠷ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠨᠢ ᠵᠦᠢᠲᠡᠢ ᠭᠡᠵᠦ ᠦᠵᠡᠪᠡ᠃
ᠦᠨᠳᠦᠰᠦᠨ ᠦ ᠭᠧᠣᠯᠣᠭᠢ ᠶᠢᠨ ᠠᠯᠪᠠ ᠪᠠᠶᠢᠭᠤᠯᠤᠭᠰᠠᠨ ᠢᠶᠠᠷ ᠭᠧᠣᠯᠣᠭᠢ ᠶᠢᠨ  ᠰᠤᠳᠤᠯᠭᠠᠨ ᠢ ᠣᠯᠠᠨ ᠤᠯᠤᠰ ᠤᠨ ᠵᠢᠱᠢᠭ ᠲᠦ ᠨᠡᠶᠢᠴᠡᠭᠦᠯᠦᠨ ᠬᠥᠭᠵᠢᠭᠦᠯᠬᠦ᠂ ᠠᠭᠤᠯᠠ ᠠᠭᠤᠷᠬᠠᠢ ᠶᠢᠨ ᠰᠠᠯᠪᠤᠷᠢ ᠶᠢᠨ ᠳᠡᠯᠡᠬᠡᠢ ᠶᠢᠨ ᠵᠠᠬ᠎ᠠ ᠵᠡᠭᠡᠯᠢ ᠳᠦ ᠥᠷᠢᠰᠥᠯᠳᠥᠬᠦ ᠴᠢᠳᠠᠪᠤᠷᠢ ᠶᠢ ᠨᠡᠮᠡᠭᠳᠡᠭᠦᠯᠬᠦ ᠪᠣᠯᠤᠮᠵᠢ ᠪᠥᠷᠢᠳᠦᠨ᠎ᠡ᠃ ᠮᠥᠨ ᠬᠣᠭᠣᠷᠣᠨᠳᠣ ᠪᠠᠨ ᠤᠶᠠᠯᠳᠤᠭ᠎ᠠ ᠬᠣᠯᠪᠣᠭ᠎ᠠ ᠪᠠᠶᠢᠬᠤ ᠦᠭᠡᠢ ᠭᠧᠣᠯᠣᠭᠢ ᠶᠢᠨ ᠨᠢᠭᠡᠴᠡ᠂ ᠪᠠᠶᠢᠭᠤᠯᠤᠯᠭ᠎ᠠ ᠨᠤᠭᠤᠳ ᠢ ᠨᠢᠭᠡᠳᠬᠡᠨ ᠨᠢᠭᠡᠳᠦᠭᠰᠡᠨ ᠪᠦᠲᠦᠴᠡ ᠵᠣᠬᠢᠶᠠᠨ ᠪᠠᠶᠢᠭᠤᠯᠤᠯᠲᠠ ᠳᠤ ᠣᠷᠣᠭᠤᠯᠤᠨ᠎ᠠ᠃ ᠰᠠᠯᠪᠤᠷᠢ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠬᠡᠷᠡᠭᠵᠢᠭᠦᠯᠬᠦ᠂ ᠮᠡᠷᠭᠡᠵᠢᠯ ᠦᠨ ᠪᠣᠯᠪᠠᠰᠤᠨ ᠬᠦᠴᠦᠨ ᠦ ᠲᠣᠭᠲᠠᠪᠤᠷᠢᠲᠠᠢ ᠠᠵᠢᠯᠯᠠᠬᠤ ᠪᠣᠯᠤᠨ ᠤᠯᠤᠰ ᠣᠷᠣᠨ ᠤ ᠣᠨᠴᠠᠯᠢᠭ ᠲᠤ ᠲᠣᠬᠢᠷᠠᠭᠰᠠᠨ ᠡᠷᠦᠳᠡᠰᠦ ᠪᠠᠶᠠᠯᠢᠭ ᠤᠨ ᠴᠣᠭᠴᠠ ᠪᠣᠳᠣᠯᠭ᠎ᠠ ᠶᠠᠪᠤᠭᠤᠯᠬᠤ ᠨᠥᠬᠥᠴᠡᠯ ᠪᠥᠷᠢᠳᠬᠦ ᠶᠤᠮ᠃

ᠰᠡᠳᠬᠢᠭᠳᠡᠯ ᠦᠯᠡᠳᠡᠭᠡᠬᠦ