ᠢᠮᠹᠯᠢᠶᠠᠼ  ᠤᠨ ᠲᠥᠰᠥᠭᠡᠯᠡᠯ ᠢ ᠨᠡᠮᠡᠭᠳᠡᠭᠦᠯᠵᠡᠢ  | News.MN

ᠢᠮᠹᠯᠢᠶᠠᠼ  ᠤᠨ ᠲᠥᠰᠥᠭᠡᠯᠡᠯ ᠢ ᠨᠡᠮᠡᠭᠳᠡᠭᠦᠯᠵᠡᠢ 

ᠮᠣᠩᠭᠣᠯ ᠪᠠᠩᠬᠢ ᠪᠣᠳᠣᠯᠭ᠎ᠠ ᠶᠢᠨ ᠰᠢᠨᠵᠢᠯᠡᠭᠡᠨ ᠢ ᠤᠯᠠᠷᠢᠯ ᠪᠦᠷᠢ ᠬᠢᠳᠡᠭ ᠪᠥᠭᠡᠳ ᠡᠨᠡ ᠤᠳᠠᠭ᠎ᠠ ᠳᠤ ᠢᠮᠹᠯᠢᠶᠠᠼ  ᠤᠨ ᠲᠥᠰᠥᠭᠡᠯᠡᠯ ᠢ ᠨᠡᠮᠡᠭᠳᠡᠭᠦᠯᠵᠦ᠂ 8 ᠣᠷᠴᠢᠮ ᠬᠤᠪᠢ ᠪᠣᠯᠭᠠᠭᠰᠠᠨ ᠢ ᠮᠥᠩᠭᠥᠨ ᠦ ᠪᠣᠳᠣᠯᠭ᠎ᠠ ᠶᠢᠨ ᠭᠠᠵᠠᠷ ᠤᠨ ᠮᠥᠩᠭᠥᠨ ᠦ ᠪᠣᠳᠣᠯᠭ᠎ᠠ ᠲᠥᠰᠥᠭᠡᠯᠡᠯ ᠦᠨ ᠬᠡᠯᠲᠡᠰ ᠦᠨ ᠵᠠᠬᠢᠷᠤᠯ ᠨ ∙ ᠤᠷᠭᠤᠮᠠᠯᠰᠤᠪᠤᠳ ᠬᠡᠯᠡᠯ᠎ᠡ᠃
ᠲᠡᠷᠡ ᠪᠡᠷ᠄ ᠨᠢᠭᠡᠳᠦᠭᠡᠷ ᠲᠦ᠂ ᠤᠯᠠᠭᠠᠨᠪᠠᠭᠠᠲᠤᠷ ᠬᠣᠲᠠ ᠶᠢᠨ ᠢᠮᠹᠯᠢᠶᠠᠼ 8 ᠳ᠋ᠤᠭᠠᠷ ᠰᠠᠷ᠎ᠠ ᠶᠢᠨ ᠪᠠᠶᠢᠳᠠᠯ ᠢᠶᠠᠷ 10.5 ᠬᠤᠪᠢ ᠳᠤ ᠬᠦᠷᠦᠭᠰᠡᠨ᠃ ᠡᠭᠦᠨ ᠦ 3 ᠨᠢᠭᠡᠴᠡ ᠬᠤᠪᠢ ᠨᠢ ᠮᠢᠬᠠᠨ ᠤ ᠦᠨ᠎ᠡ ᠶᠢᠨ ᠥᠰᠦᠯᠲᠡ ᠶᠤᠮ᠃ ᠮᠢᠬᠠᠨ ᠤ ᠦᠨ᠎ᠡ ᠶᠢᠨ ᠥᠰᠦᠯᠲᠡ ᠶᠢᠨ ᠤᠯᠠᠷᠢᠯ ᠤᠨ ᠬᠠᠨᠳᠤᠯᠭ᠎ᠠ ᠨᠢ ᠵᠢᠯ ᠪᠦᠷᠢ ᠶᠢᠨ ᠳᠣᠯᠣᠳᠤᠭᠠᠷ ᠰᠠᠷ᠎ᠠ ᠠᠴᠠ ᠡᠬᠢᠯᠡᠭᠡᠳ᠂ ᠨᠠᠢᠮᠠ ᠂ ᠶᠢᠰᠦᠳᠦᠭᠡᠷ ᠰᠠᠷ᠎ᠠ ᠳᠤ ᠦᠷᠭᠦᠯᠵᠢᠯᠡᠨ ᠪᠠᠭᠤᠷᠠᠳᠠᠭ ᠪᠠᠶᠢᠭᠰᠠᠨ ᠪᠣᠯ ᠡᠨᠡ ᠵᠢᠯ ᠬᠠᠭᠤᠴᠢᠨ ᠰᠢᠭ ᠢᠶᠡᠨ ᠪᠠᠶᠢᠭᠰᠠᠨ ᠦᠭᠡᠢ᠃ ᠲᠤᠬᠠᠶᠢᠯᠠᠪᠠᠯ᠂ ᠳᠣᠯᠣᠳᠤᠭᠠᠷ ᠰᠠᠷ᠎ᠠ ᠳᠤ ᠦᠨ᠎ᠡ ᠨᠢ ᠥᠰᠦᠭᠰᠡᠨ᠃ ᠦᠷᠭᠦᠯᠵᠢᠯᠡᠭᠡᠳ ᠨᠠᠢᠮᠠᠳᠤᠭᠠᠷ ᠰᠠᠷ᠎ᠠ ᠶᠢᠨ ᠡᠬᠢᠨ ᠦ 3 ᠳᠣᠯᠣᠭ᠎ᠠ ᠬᠣᠨᠣᠭ ᠤᠨ ᠲᠤᠷᠰᠢ ᠦᠰᠴᠦ ᠪᠠᠶᠢᠭᠠᠳ᠂ ᠰᠡᠭᠦᠯ ᠦᠨ ᠳᠣᠯᠣᠭ᠎ᠠ ᠬᠣᠨᠣᠭ ᠲᠤ ᠨᠢ ᠪᠠᠭ᠎ᠠ ᠵᠡᠷᠭᠡ ᠪᠠᠭᠤᠷᠠᠭᠰᠠᠨ᠃ ᠶᠢᠰᠦᠳᠦᠭᠡᠷ ᠰᠠᠷ᠎ᠠ ᠳᠤ ᠮᠥᠨ ᠪᠠᠭ᠎ᠠ ᠵᠡᠷᠭᠡ ᠪᠠᠭᠤᠷᠠᠭᠰᠠᠨ᠃ ᠭᠡᠬᠦ ᠳᠦ ᠪᠡᠨ ᠪᠠᠭᠤᠷᠠᠭᠰᠠᠨ ᠲᠦᠪᠰᠢᠨ ᠨᠢ ᠪᠢᠳᠡᠨ ᠦ ᠲᠥᠰᠦᠭᠡᠯᠡᠭᠰᠡᠨ ᠡᠴᠡ ᠬᠠᠮᠢᠶ᠎ᠠ ᠦᠭᠡᠢ ᠥᠨᠳᠥᠷ ᠲᠦᠪᠰᠢᠨ ᠳᠦ ᠬᠦᠷᠦᠭᠡᠳ ᠪᠠᠶᠢᠨ᠎ᠠ᠃
ᠬᠣᠶᠠᠳᠤᠭᠠᠷ ᠲᠤ᠂ ᠲᠥᠷᠥ ᠶᠢᠨ ᠵᠣᠬᠢᠴᠠᠭᠤᠯᠤᠯᠲᠠ ᠲᠠᠢ ᠪᠠᠷᠠᠭ᠎ᠠ ᠪᠦᠲᠦᠭᠡᠭᠳᠡᠬᠦᠨ ᠦ ᠦᠨ᠎ᠡ ᠰᠡᠭᠦᠯ ᠦᠨ ᠰᠠᠷ᠎ᠠ ᠨᠤᠭᠤᠳ ᠲᠤ ᠨᠡᠯᠢᠶᠡᠳ ᠦᠰᠦᠯ᠎ᠡ᠃ ᠳᠤᠯᠠᠭᠠᠨ᠂ ᠴᠠᠬᠢᠯᠭᠠᠨ ᠤ ᠦᠨ᠎ᠡ ᠲᠡᠭᠦᠨᠴᠢᠯᠡᠨ ᠳᠡᠭᠡᠳᠦ ᠪᠣᠯᠪᠠᠰᠤᠷᠠᠯ ᠤᠨ ᠲᠥᠯᠥᠪᠦᠷᠢ ᠨᠡᠮᠡᠭᠳᠡᠭᠰᠡᠨ ᠨᠢ ᠢᠮᠹᠯᠢᠶᠠᠼ ᠤᠨ 0.8 ᠨᠢᠭᠡᠴᠡ ᠬᠤᠪᠢ ᠶᠢ ᠪᠦᠷᠢᠳᠦᠭᠦᠯᠦᠯ᠎ᠡ᠃ ᠡᠳᠡᠭᠡᠷ ᠨᠢ ᠨᠡᠶᠢᠯᠡᠭᠦᠯᠦᠯᠲᠡ ᠶᠢᠨ ᠰᠢᠯᠲᠠᠭᠠᠨ ᠲᠠᠢ ᠢᠮᠹᠯᠢᠶᠠᠼ ᠶᠤᠮ᠃ ᠨᠡᠶᠢᠯᠡᠭᠦᠯᠦᠯᠲᠡ ᠶᠢᠨ ᠰᠢᠯᠲᠠᠭᠠᠨ ᠲᠠᠢ ᠢᠮᠹᠯᠢᠶᠠᠼ  ᠢ ᠪᠢᠳᠡ ᠡᠮᠦᠨᠡᠬᠢ ᠲᠥᠰᠥᠭᠡᠯᠡᠯ ᠢᠶᠡᠷ ᠣᠨ ᠤ ᠲᠡᠭᠦᠰᠬᠡᠯ ᠳᠦ ᠪᠠᠭᠤᠷᠠᠨ᠎ᠠ ᠭᠡᠵᠦ ᠦᠵᠡᠵᠦ ᠪᠠᠶᠢᠭᠰᠠᠨ᠃ ᠭᠡᠪᠡᠴᠦ ᠡᠨᠡᠬᠦ ᠪᠠᠭᠤᠷᠠᠯᠲᠠ ᠨᠢ ᠪᠢᠳᠡᠨ ᠦ ᠲᠥᠰᠥᠭᠡᠯᠡᠯ ᠡᠴᠡ ᠬᠠᠷᠢᠴᠠᠩᠭᠤᠢ ᠪᠠᠭ᠎ᠠ ᠪᠠᠶᠢᠭ᠎ᠠ ᠤᠴᠢᠷ ᠠᠴᠠ ᠢᠮᠹᠯᠢᠶᠠᠼ  ᠤᠨ ᠲᠥᠰᠥᠭᠡᠯᠡᠯ ᠢ ᠨᠡᠮᠡᠭᠳᠡᠭᠦᠯᠦᠭᠰᠡᠨ᠃ ᠬᠠᠷᠢᠨ ᠡᠷᠢᠯᠲᠡ ᠶᠢᠨ ᠰᠢᠯᠲᠠᠭᠠᠨ ᠲᠠᠢ ᠢᠮᠹᠯᠢᠶᠠᠼ  ᠤᠨ ᠬᠤᠪᠢ ᠳᠤ ᠬᠠᠷᠢᠴᠠᠩᠭᠤᠢ ᠲᠣᠭᠲᠠᠪᠤᠷᠢᠲᠠᠢ ᠬᠡᠪ ᠢᠶᠡᠷ ᠪᠠᠶᠢᠭ᠎ᠠ ᠶᠢ ᠣᠨᠴᠠᠯᠠᠬᠤ ᠬᠡᠷᠡᠭᠲᠡᠢ ᠭᠡᠯ᠎ᠡ᠃

ᠰᠡᠳᠬᠢᠭᠳᠡᠯ ᠦᠯᠡᠳᠡᠭᠡᠬᠦ