ᠬᠦᠨᠡᠰᠦᠨ ᠦ ᠨᠣᠭᠣᠭᠠᠨ ᠤ ᠤᠷᠭᠤᠴᠠ ᠬᠤᠷᠢᠶᠠᠯᠲᠠ ᠳᠠᠭᠤᠰᠴᠠᠢ  | News.MN

ᠬᠦᠨᠡᠰᠦᠨ ᠦ ᠨᠣᠭᠣᠭᠠᠨ ᠤ ᠤᠷᠭᠤᠴᠠ ᠬᠤᠷᠢᠶᠠᠯᠲᠠ ᠳᠠᠭᠤᠰᠴᠠᠢ 

ᠤᠯᠤᠰ ᠤᠨ ᠬᠡᠮᠵᠢᠶᠡᠨ ᠳᠦ ᠡᠨᠡ ᠳᠣᠯᠣᠭ᠎ᠠ ᠬᠣᠨᠣᠭ ᠤᠨ ᠪᠠᠶᠢᠳᠠᠯ ᠢᠶᠠᠷ 233.5 ᠮᠢᠩᠭᠠᠨ ᠲᠣᠨ ᠤᠷᠭᠤᠴᠠ ᠬᠤᠷᠢᠶᠠᠯᠲᠠ ᠠᠪᠤᠭᠠᠳ ᠪᠠᠶᠢᠨ᠎ᠠ᠃ ᠡᠭᠦᠨ ᠡᠴᠡ 167 ᠮᠢᠩᠭᠠᠨ ᠲᠣᠨ ᠬᠦᠨᠡᠰᠦᠨ ᠦ ᠨᠣᠭᠣᠭ᠎ᠠ᠂ 70.2 ᠮᠢᠩᠭᠠᠨ ᠲᠣᠨ ᠲᠡᠵᠢᠭᠡᠯ᠂ 51 ᠮᠢᠩᠭᠠᠨ ᠲᠣᠨ ᠲᠣᠰᠤᠨ ᠤ ᠤᠷᠭᠤᠮᠠᠯ ᠬᠤᠷᠢᠶᠠᠵᠤ ᠠᠪᠤᠭᠠᠳ ᠪᠠᠶᠢᠭ᠎ᠠ ᠶᠢ ᠬᠦᠳᠡᠭᠡ ᠠᠵᠤ ᠠᠬᠤᠢ ᠶᠢᠨ ᠶᠠᠮᠤᠨ ᠠᠴᠠ ᠮᠡᠳᠡᠭᠡᠯᠡᠵᠦ ᠪᠠᠶᠢᠨ᠎ᠠ᠃
ᠥᠨᠥᠳᠥᠷ ᠦᠨ ᠪᠠᠶᠢᠳᠠᠯ ᠢᠶᠠᠷ ᠲᠥᠮᠥᠰᠥ ᠬᠦᠨᠡᠰᠦᠨ ᠦ ᠨᠣᠭᠣᠭᠠᠨ ᠤ ᠤᠷᠭᠤᠴᠠ ᠬᠤᠷᠢᠶᠠᠯᠲᠠ ᠳᠠᠭᠤᠰᠤᠭᠰᠠᠨ ᠪᠣᠯ ᠦᠷ᠎ᠡ ᠲᠠᠷᠢᠶ᠎ᠠ ᠬᠤᠷᠢᠶᠠᠯᠲᠠ 70 ᠭᠠᠷᠤᠢ ᠬᠤᠪᠢ ᠲᠠᠢ ᠪᠠᠶᠢᠨ᠎ᠠ᠃ ᠡᠨᠡ ᠳᠣᠯᠣᠭ᠎ᠠ ᠬᠣᠨᠣᠭ ᠤᠨ ᠰᠡᠭᠦᠯᠴᠢ ᠭᠡᠬᠦ ᠳᠦ ᠤᠷᠭᠤᠴᠠ ᠬᠤᠷᠢᠶᠠᠯᠲᠠ ᠶᠢᠨ ᠠᠵᠢᠯ ᠢ ᠳᠠᠭᠤᠰᠬᠠᠬᠤ ᠲᠥᠯᠥᠪᠯᠡᠭᠡ ᠲᠡᠢ ᠪᠠᠶᠢᠭ᠎ᠠ ᠶᠤᠮ ᠪᠠᠶᠢᠨ᠎ᠠ᠃ ᠡᠨᠡ ᠵᠢᠯ ᠤᠯᠤᠰ ᠤᠨ ᠬᠡᠮᠵᠢᠶ᠎ᠡ ᠪᠡᠷ 364.8 ᠮᠢᠩᠭᠠᠨ ᠭᠠ ᠳᠦ ᠦᠷ᠎ᠡ ᠲᠠᠷᠢᠶ᠎ᠠ᠂ ᠡᠭᠦᠨ ᠡᠴᠡ 340.0 ᠮᠢᠩᠭᠠᠨ ᠭᠠ ᠳᠦ ᠤᠯᠠᠭᠠᠨ ᠪᠤᠭᠤᠳᠠᠢ᠂ 14.8 ᠮᠢᠩᠭᠠᠨ ᠭᠠ ᠳᠦ ᠲᠥᠮᠥᠰᠥ᠂ 8.0 ᠮᠢᠩᠭᠠᠨ ᠭᠠ ᠳᠦ ᠬᠦᠨᠡᠰᠦᠨ ᠦ ᠨᠣᠭᠣᠭ᠎ᠠ᠂ 82.4 ᠮᠢᠩᠭᠠᠨ ᠭᠠ ᠳᠦ ᠲᠣᠰᠤᠨ ᠤ᠂ 42.0 ᠮᠢᠩᠭᠠᠨ ᠭᠠ ᠳᠦ ᠲᠡᠵᠢᠭᠡᠯ ᠦᠨ ᠤᠷᠭᠤᠮᠠᠯ᠂ ᠨᠡᠶᠢᠲᠡ ᠳᠦ ᠪᠡᠨ 512.0 ᠮᠢᠩᠭᠠᠨ ᠭᠠ ᠳᠦ ᠲᠠᠷᠢᠶᠠᠯᠠᠯᠲᠠ ᠬᠢᠵᠡᠢ ᠃

ᠰᠡᠳᠬᠢᠭᠳᠡᠯ ᠦᠯᠡᠳᠡᠭᠡᠬᠦ