ᠮᠥᠩᠭᠥ ᠤᠭᠢᠶᠠᠬᠤ ᠶᠢᠨ ᠡᠰᠡᠷᠭᠦ  ᠶᠢᠰᠦᠨ ᠪᠠᠶᠢᠭᠤᠯᠤᠯᠭ᠎ᠠ ᠲᠡᠮᠡᠴᠡᠨ᠎ᠡ  | News.MN

ᠮᠥᠩᠭᠥ ᠤᠭᠢᠶᠠᠬᠤ ᠶᠢᠨ ᠡᠰᠡᠷᠭᠦ  ᠶᠢᠰᠦᠨ ᠪᠠᠶᠢᠭᠤᠯᠤᠯᠭ᠎ᠠ ᠲᠡᠮᠡᠴᠡᠨ᠎ᠡ 

ᠣᠯᠠᠨ ᠤᠯᠤᠰ ᠤᠨ ᠰᠠᠩᠬᠦᠦ ᠶᠢᠨ ᠭᠡᠮᠲᠦ ᠬᠡᠷᠡᠭ ᠲᠡᠢ ᠲᠡᠮᠡᠴᠡᠬᠦ ᠪᠠᠶᠢᠭᠤᠯᠤᠯᠭ᠎ᠠ ᠶᠢᠨ ᠵᠢᠯ ᠦᠨ ᠲᠠᠶᠢᠯᠤᠨ ᠬᠤᠷᠠᠯ ᠥᠩᠭᠡᠷᠡᠭᠴᠢ ᠡᠳᠦᠷ ᠦᠳ ᠲᠦ ᠫᠠᠷᠢᠰ ᠬᠤᠲᠠ ᠳᠤ ᠪᠣᠯᠵᠤ ᠂ ᠥᠴᠥᠭᠡᠳᠦᠷ ᠣᠷᠣᠢ ᠣᠷᠣᠨ ᠨᠤᠲᠤᠭ ᠤᠨ ᠴᠠᠭ ᠢᠶᠠᠷ 12 ᠴᠠᠭ ᠤᠨ ᠣᠷᠴᠢᠮ ᠳᠤ ᠬᠤᠷᠠᠯ ᠠᠴᠠ ᠭᠠᠷᠤᠭᠰᠠᠨ ᠰᠢᠢᠳᠪᠦᠷᠢ ᠶᠢ ᠣᠯᠠᠨ ᠨᠡᠶᠢᠲᠡ ᠳᠦ ᠲᠠᠨᠢᠯᠴᠠᠭᠤᠯᠤᠯ᠎ᠠ᠃ ᠤᠭ ᠰᠢᠢᠳᠪᠦᠷᠢ ᠪᠡᠷ ᠮᠠᠨ ᠤ ᠤᠯᠤᠰ ᠢ ᠳᠠᠬᠢᠨ ᠰᠠᠷᠠᠯ ᠵᠢᠭᠰᠠᠭᠠᠯᠲᠠ ᠳᠤ ᠣᠷᠣᠭᠤᠯᠤᠭᠰᠠᠨ ᠪᠤᠶᠤ ᠮᠥᠩᠭᠥ ᠤᠬᠢᠶᠠᠬᠤ ᠪᠣᠯᠤᠨ ᠲᠧᠷᠷᠣᠷᠢᠰᠮ ᠢ ᠰᠠᠩᠬᠦᠦᠵᠢᠭᠦᠯᠬᠦ ᠡᠷᠡᠰᠳᠡᠯ ᠲᠡᠢ ᠬᠡᠪ ᠢᠶᠡᠷ ᠪᠠᠶᠢᠨ᠎ᠠ ᠭᠡᠵᠦ ᠳ᠋ᠦᠩᠨᠡᠯ᠎ᠡ᠃ ᠡᠭᠦᠨ ᠲᠡᠢ ᠬᠣᠯᠪᠣᠭᠳᠠᠭᠤᠯᠤᠨ ᠢᠷᠡᠬᠦ ᠣᠨ ᠤ ᠲᠥᠰᠥᠪ ᠦᠨ ᠲᠥᠰᠥᠯ ᠳᠦ ᠮᠥᠩᠭᠥ ᠤᠬᠢᠶᠠᠬᠤ ᠪᠣᠯᠤᠨ ᠲᠧᠷᠷᠣᠷᠢᠰᠮ ᠢ ᠰᠠᠩᠬᠦᠦᠵᠢᠭᠦᠯᠬᠦ  ᠲᠡᠢ ᠲᠡᠮᠡᠴᠡᠬᠦ ᠲᠣᠭᠲᠠᠯᠴᠠᠭ᠎ᠠ ᠶᠢ ᠰᠠᠶᠢᠵᠢᠷᠠᠭᠤᠯᠬᠤ ᠴᠢᠭᠯᠡᠯ ᠢᠶᠡᠷ ᠶᠠᠮᠠᠷ ᠠᠷᠭ᠎ᠠ ᠬᠡᠮᠵᠢᠶ᠎ᠡ ᠶᠢ ᠠᠪᠴᠤ ᠬᠡᠷᠡᠭᠵᠢᠭᠦᠯᠬᠦ ᠲᠠᠯᠠᠭᠠᠷᠬᠢ ᠮᠡᠳᠡᠭᠡᠯᠡᠯ ᠢ ᠬᠦᠷᠭᠡᠶ᠎ᠡ᠃
ᠲᠤᠰ ᠲᠥᠰᠥᠯ ᠳᠦ ᠮᠥᠩᠭᠥ ᠤᠬᠢᠶᠠᠬᠤ᠂ ᠲᠧᠷᠷᠣᠷᠢᠰᠮ ᠢ ᠰᠠᠩᠬᠦᠦᠵᠢᠭᠦᠯᠬᠦ  ᠲᠡᠢ ᠲᠡᠮᠡᠴᠡᠬᠦ ᠲᠠᠯᠠᠭᠠᠷᠬᠢ ᠵᠥᠪᠯᠡᠮᠵᠢ᠂ ᠠᠷᠭ᠎ᠠ ᠬᠡᠮᠵᠢᠶᠡᠨ ᠦ ᠬᠡᠷᠡᠭᠵᠢᠯᠲᠡ ᠶᠢ ᠪᠦᠷᠢᠨ ᠬᠠᠩᠭᠠᠵᠤ᠂ ᠮᠥᠩᠭᠥ ᠤᠬᠢᠶᠠᠬᠤ ᠪᠣᠯᠤᠨ ᠲᠧᠷᠷᠣᠷᠢᠰᠮ ᠢ ᠰᠠᠩᠬᠦᠦᠵᠢᠭᠦᠯᠬᠦ ᠲᠡᠢ ᠲᠡᠮᠡᠴᠡᠬᠦ ᠳᠣᠲᠣᠭᠠᠳᠤ ᠶᠢᠨ ᠲᠣᠭᠲᠠᠯᠴᠠᠭ᠎ᠠ ᠶᠢ ᠰᠠᠶᠢᠵᠢᠷᠠᠭᠤᠯᠬᠤ ᠵᠣᠷᠢᠯᠭ᠎ᠠ ᠪᠠᠷ ᠨᠡᠶᠢᠲᠡ 207 ᠣᠷᠣᠨ ᠲᠣᠭ᠎ᠠ᠂ ᠤᠷᠤᠰᠬᠠᠯ ᠵᠠᠷᠤᠳᠠᠯ ᠳᠤ 9903.8 ᠰᠠᠶ᠎ᠠ ᠲᠥᠭᠥᠷᠢᠭ ᠢ ᠰᠠᠩ ᠤᠨ ᠶᠠᠮᠤᠨ᠂ ᠰᠠᠩᠬᠦᠦ ᠶᠢᠨ ᠵᠣᠬᠢᠴᠠᠭᠤᠯᠬᠤ ᠬᠣᠷᠢᠶ᠎ᠠ᠂ ᠤᠯᠤᠰ ᠤᠨ ᠶᠡᠷᠦᠩᠬᠡᠢ ᠫᠷᠣᠺᠤᠷᠣᠷ ᠤᠨ ᠭᠠᠵᠠᠷ᠂  ᠠᠪᠯᠢᠭ᠎ᠠ ᠲᠠᠢ ᠲᠡᠮᠡᠴᠡᠬᠦ ᠭᠠᠵᠠᠷ᠂ ᠴᠠᠭᠳᠠᠭ᠎ᠠ ᠶᠢᠨ ᠶᠡᠷᠦᠩᠬᠡᠢ ᠭᠠᠵᠠᠷ᠂ ᠬᠢᠯᠢ ᠬᠠᠮᠠᠭᠠᠯᠠᠬᠤ ᠶᠡᠷᠦᠩᠬᠡᠢ ᠭᠠᠵᠠᠷ᠂ ᠬᠠᠤᠯᠢ ᠵᠦᠢ ᠳᠣᠲᠣᠭᠠᠳᠤ ᠬᠡᠷᠡᠭ ᠦᠨ ᠶᠠᠮᠤᠨ ᠂ ᠰᠢᠭᠦᠬᠦ ᠶᠢᠨ ᠶᠡᠷᠦᠩᠬᠡᠢ ᠵᠥᠪᠯᠡᠯ᠂ ᠭᠠᠶᠢᠯᠢ ᠶᠢᠨ ᠶᠡᠷᠦᠩᠬᠡᠢ ᠭᠠᠵᠠᠷ ᠤᠨ ᠲᠥᠰᠥᠪ ᠲᠦ ᠲᠤᠰᠬᠠᠵᠠᠢ᠃ ᠢᠩᠭᠢᠭᠰᠡᠨ ᠢᠶᠡᠷ᠂ ᠰᠠᠩᠬᠦᠦ ᠶᠢᠨ ᠪᠤᠰᠤ ᠪᠢᠽᠢᠨᠧᠰ ᠦᠨ ᠮᠡᠷᠭᠡᠵᠢᠯ ᠦᠨ ᠦᠢᠯᠡᠴᠢᠯᠡᠭᠡ ᠦᠵᠡᠭᠦᠯᠦᠭᠴᠢᠳ ᠦᠨ  ᠡᠷᠡᠰᠳᠡᠯ ᠢ ᠲᠣᠳᠣᠷᠬᠠᠶᠢᠯᠠᠬᠤ᠂ ᠬᠢᠨᠠᠯᠲᠠ ᠰᠢᠯᠭᠠᠯᠲᠠ ᠬᠢᠬᠦ᠂ ᠦᠨᠡᠯᠡᠭᠡᠨ ᠦ ᠮᠥᠷ ᠢᠶᠡᠷ ᠱᠠᠭᠠᠷᠳᠠᠯᠭ᠎ᠠ ᠲᠠᠢ ᠵᠣᠬᠢᠴᠠᠭᠤᠯᠤᠯᠲᠠ ᠶᠢ ᠪᠠᠲᠤᠯᠠᠵᠤ ᠮᠥᠷᠳᠡᠭᠦᠯᠬᠦ᠂ ᠣᠯᠠᠨ ᠤᠯᠤᠰ ᠤᠨ ᠬᠤᠷᠠᠯ᠂ ᠵᠦᠪᠯᠡᠯᠭᠡᠨ ᠳᠦ ᠬᠣᠯᠪᠣᠭᠳᠠᠬᠤ ᠪᠠᠶᠢᠭᠤᠯᠤᠯᠭ᠎ᠠ ᠨᠤᠭᠤᠳ ᠤᠨ ᠲᠦᠯᠦᠭᠡᠯᠡᠯ ᠲᠠᠢ ᠪᠡᠷ ᠪᠡᠯᠡᠳᠬᠡᠯ ᠲᠡᠢ ᠤᠷᠤᠯᠴᠠᠬᠤ᠂ ᠬᠦᠮᠦᠨ ᠦ ᠨᠥᠭᠡᠴᠡ ᠶᠢᠨ  ᠴᠢᠳᠠᠪᠬᠢ ᠶᠢ ᠪᠦᠷᠢᠳᠦᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠬᠡᠷᠡᠭᠵᠢᠭᠦᠯᠬᠦ ᠠᠵᠠᠢ ᠃

ᠰᠡᠳᠬᠢᠭᠳᠡᠯ ᠦᠯᠡᠳᠡᠭᠡᠬᠦ