︽ᠲᠤᠰᠠᠭᠠᠷ ᠲᠣᠭᠲᠠᠨᠢᠯ ᠤᠨ ᠦᠨ᠎ᠡ ᠴᠡᠨ᠎ᠡ︾ ᠬᠤᠷᠠᠯ ᠪᠣᠯᠵᠤ ᠪᠠᠶᠢᠨ᠎ᠠ  | News.MN

 ︽ᠲᠤᠰᠠᠭᠠᠷ ᠲᠣᠭᠲᠠᠨᠢᠯ ᠤᠨ ᠦᠨ᠎ᠡ ᠴᠡᠨ᠎ᠡ︾ ᠬᠤᠷᠠᠯ ᠪᠣᠯᠵᠤ ᠪᠠᠶᠢᠨ᠎ᠠ 

1945 ᠣᠨ ᠤ ᠠᠷᠪᠠᠳᠤᠭᠠᠷ ᠰᠠᠷ᠎ᠠ ᠶᠢᠨ 20 ᠍ ᠤ ᠡᠳᠦᠷ ᠪᠤᠶᠤ 74 ᠵᠢᠯ ᠦᠨ ᠡᠮᠦᠨ᠎ᠡ ᠪᠦᠬᠦ ᠠᠷᠠᠳ ᠲᠦᠮᠡᠨ ᠦ ᠪᠡᠨ ᠰᠠᠨᠠᠯ ᠠᠰᠠᠭᠤᠯᠭ᠎ᠠ ︵Agenzla Nazionale Stampa  Associata︶ ᠪᠠᠷ ᠮᠣᠩᠭᠣᠯ ᠤᠯᠤᠰ ᠲᠤᠰᠠᠭᠠᠷ ᠲᠣᠭᠲᠠᠨᠢᠯ ᠢᠶᠠᠨ ᠲᠤᠩᠬᠠᠭᠯᠠᠨ ᠪᠠᠲᠤᠯᠠᠭᠠᠵᠢᠭᠤᠯᠤᠭᠰᠠᠨ᠃ ᠡᠨᠡ ᠡᠳᠦᠷ ᠲᠡᠢ ᠬᠣᠯᠪᠣᠭᠳᠠᠭᠤᠯᠤᠨ ᠮᠤᠩᠭᠤᠯ ᠠᠷᠠᠳ ᠤᠨ ᠨᠠᠮ  ᠤᠨ ᠭᠡᠰᠢᠭᠦᠳ ᠳᠡᠮᠵᠢᠭᠴᠢᠳ ᠦᠨ ᠬᠣᠯᠪᠣᠭᠠᠨ ᠠᠴᠠ ︽ᠲᠤᠰᠠᠭᠠᠷ ᠲᠣᠭᠲᠠᠨᠢᠯ ᠤᠨ ᠦᠨ᠎ᠡ ᠴᠡᠨ᠎ᠡ ︾ ᠡᠷᠳᠡᠮ ᠰᠢᠨᠵᠢᠯᠡᠭᠡᠨ ᠦ ᠪᠠᠭ᠎ᠠ ᠬᠤᠷᠠᠯ  ᠢ10.20 ᠳᠦ ᠭᠠᠳᠠᠭᠠᠳᠤ ᠬᠠᠷᠢᠯᠴᠠᠭᠠᠨ ᠤ ᠶᠠᠮᠤᠨ ᠳᠦ ᠵᠣᠬᠢᠶᠠᠨ ᠪᠠᠶᠢᠭᠤᠯᠤᠯ᠎ᠠ᠃  ᠮᠤᠩᠭᠤᠯ ᠠᠷᠠᠳ ᠤᠨ ᠨᠠᠮ ᠍ ᠤᠨ ᠭᠡᠰᠢᠭᠦᠳ ᠳᠡᠮᠵᠢᠭᠴᠢᠳ ᠦᠨ ᠬᠣᠯᠪᠣᠭᠠᠨ ᠤ ᠲᠡᠷᠢᠭᠦᠨ ᠢᠶᠡᠷ ᠤᠯᠤᠰ ᠤᠨ ᠶᠡᠬᠡ ᠬᠤᠷᠠᠯ ᠤᠨ ᠭᠡᠰᠢᠭᠦᠨ ᠵ∙ᠮᠥᠩᠬᠡᠪᠠᠲᠤ᠂ ᠳᠡᠳ᠋ ᠳᠠᠷᠤᠭ᠎ᠠ ᠪᠠᠷ ᠤᠯᠤᠰ ᠤᠨ ᠶᠡᠬᠡ ᠬᠤᠷᠠᠯ ᠤᠨ ᠭᠡᠰᠢᠭᠦᠨ ᠪ∙ᠪᠠᠲᠤᠡᠷᠳᠡᠨᠢ ᠨᠠᠷ ᠠᠵᠢᠯᠯᠠᠳᠠᠭ ᠶᠤᠮ ᠪᠠᠶᠢᠨ᠎ᠠ᠃ ᠮᠥᠨ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠣᠷᠣᠯᠴᠠᠵᠤ᠂ ᠦᠭᠡ ᠬᠡᠯᠡᠯ᠎ᠡ᠃ ᠦᠨᠳᠦᠰᠦᠨ ᠢᠯᠡᠳᠬᠡᠯ ᠢ ᠲᠡᠦᠬᠡ ᠶᠢᠨ ᠤᠬᠠᠭᠠᠨ ᠤ ᠳ᠋ᠣᠺᠲ᠋ᠣᠷ᠂ ᠲᠡᠦᠬᠡᠴᠢ ᠳ∙ ᠥᠯᠵᠡᠶᠢᠪᠠᠭᠠᠲᠤᠷ ᠲᠠᠯᠪᠢᠭᠰᠠᠨ ᠶᠤᠮ᠃ ᠮᠥᠨ ᠬᠤᠷᠠᠯ ᠳᠤ ᠦᠶ᠎ᠡ ᠦᠶ᠎ᠡ ᠶᠢᠨ ᠲᠡᠦᠬᠡᠴᠢᠳ᠂ ᠵᠠᠯᠠᠭᠤᠴᠤᠳ ᠤᠨ ᠲᠥᠯᠥᠭᠡᠯᠡᠯ ᠣᠷᠣᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ