ᠮᠣᠩᠭᠣᠯ ᠤᠯᠤᠰ ᠲᠤ ᠭᠧᠣᠯᠣᠭᠢ ᠶᠢᠨ ᠰᠠᠯᠪᠤᠷᠢ ᠡᠭᠦᠰᠴᠦ ᠬᠥᠭᠵᠢᠭᠰᠡᠨ ᠦ 80 ᠵᠢᠯ ᠦᠨ ᠣᠢ ᠶᠢᠨ ᠪᠠᠶᠠᠷ ᠤᠨ ᠬᠤᠷᠠᠯ ᠥᠨᠥᠳᠥᠷ ᠲᠥᠷᠥ ᠶᠢᠨ ᠣᠷᠳᠣᠨ ᠳᠤ ᠪᠣᠯᠤᠯ᠎ᠠ᠃ ᠬᠤᠷᠠᠯ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠣᠷᠣᠯᠴᠠᠵᠤ᠂ ᠦᠭᠡ ᠬᠡᠯᠡᠯ᠎ᠡ᠃ ᠲᠡᠷᠡᠪᠡᠷ ᠡᠨᠡ ᠰᠠᠯᠪᠤᠷᠢ ᠳᠤ ᠪᠠᠷᠢᠮᠲᠠᠯᠠᠵᠤ ᠪᠤᠢ ᠪᠠᠶᠢᠷᠢ ᠰᠠᠭᠤᠷᠢ ᠪᠠᠨ ᠢᠯᠡᠷᠬᠡᠶᠢᠯᠡᠵᠦ᠂ ᠡᠷᠦᠳᠡᠰᠦ ᠪᠠᠶᠠᠯᠢᠭ ᠤᠨ ᠪᠣᠳᠣᠯᠭ᠎ᠠ ᠲᠣᠳᠣᠷᠬᠠᠶᠢᠯᠠᠬᠤ ᠳᠤ ᠰᠠᠯᠪᠤᠷᠢ ᠶᠢᠨ ᠡᠷᠳᠡᠮᠲᠡᠳ ᠢ ᠳᠠᠭᠤ ᠬᠣᠭᠣᠯᠠᠢ ᠪᠠᠨ ᠬᠠᠷᠠᠮ ᠦᠭᠡᠢ ᠬᠦᠷᠭᠡᠨ᠎ᠡ ᠭᠡᠳᠡᠭ ᠲᠦ ᠢᠲᠡᠭᠡᠯ ᠲᠡᠢ ᠪᠤᠢ ᠪᠠᠨ ᠬᠡᠯᠡᠯ᠎ᠡ᠃
ᠬ∙ᠪᠠᠲᠤᠲᠤᠯᠭ᠎ᠠ ᠬᠡᠯᠡᠭᠰᠡᠨ ᠦᠭᠡᠨ ᠳᠦ ᠪᠡᠨ᠄ ᠭᠧᠣᠯᠣᠭᠢ ᠶᠢᠨ ᠰᠠᠯᠪᠤᠷᠢ ᠶᠢᠨ ᠬᠥᠭᠵᠢᠯ ᠨᠢ ᠮᠣᠩᠭᠣᠯ ᠤᠯᠤᠰ ᠤᠨ ᠡᠳ᠋ ᠍ ᠦᠨ ᠵᠠᠰᠠᠭ ᠪᠣᠯᠤᠨ ᠦᠨᠳᠦᠰᠦᠨ ᠦ ᠠᠶᠤᠯ ᠦᠭᠡᠢ ᠪᠠᠶᠢᠳᠠᠯ ᠳᠤ ᠰᠢᠢᠳᠪᠦᠷᠢᠯᠡᠬᠦ ᠨᠥᠯᠥᠭᠡ ᠲᠡᠢ᠃ ᠮᠠᠨ ᠤ ᠭᠠᠵᠠᠷ ᠨᠤᠲᠤᠭ᠂ ᠲᠡᠭᠦᠨ ᠦ ᠬᠡᠪᠡᠯᠢ ᠳ᠋ᠡᠬᠢ ᠪᠠᠶᠠᠯᠢᠭ ᠨᠢ ᠲᠤᠰᠠᠭᠠᠷ ᠲᠣᠭᠲᠠᠨᠢᠯ ᠤᠨ ᠬᠠᠮᠤᠭ ᠤᠨ ᠲᠣᠮᠣ ᠪᠠᠲᠤᠯᠠᠭ᠎ᠠ ᠪᠥᠭᠡᠳ ᠪᠢᠳᠡᠨ ᠦ ᠣᠷᠣᠰᠢᠨ ᠲᠣᠭᠲᠠᠨᠢᠯ᠂ ᠡᠷᠬᠡ ᠴᠢᠯᠦᠭᠡ᠂ ᠬᠥᠭᠵᠢᠯ ᠴᠡᠴᠡᠭᠯᠡᠯᠲᠡ᠂ ᠠᠶᠤᠯ ᠦᠭᠡᠢ ᠪᠠᠶᠢᠳᠠᠯ ᠤᠨ ᠲᠣᠮᠣ ᠦᠨᠳᠦᠰᠦ ᠶᠤᠮ᠃ ᠦᠨᠳᠦᠰᠦᠨ ᠬᠠᠤᠯᠢ ᠶᠢᠨ 6.1 ᠍ ᠳᠦ ᠵᠢᠭᠠᠭᠰᠠᠨ ᠤ ᠳᠠᠭᠠᠤ ᠭᠠᠭᠴᠠᠬᠦ ᠠᠷᠠᠳ ᠲᠦᠮᠡᠨ ᠦ ᠮᠡᠳᠡᠯ᠂ ᠲᠥᠷᠥ ᠶᠢᠨ ᠬᠠᠮᠠᠭᠠᠯᠠᠯᠲᠠ ᠳᠤ ᠪᠠᠶᠢᠬᠤ ᠶᠣᠰᠣᠲᠠᠢ ᠭᠠᠵᠠᠷ ᠤᠨ ᠬᠡᠪᠡᠯᠢ ᠳ᠋ᠡᠬᠢ ᠪᠠᠶᠠᠯᠢᠭ ᠢ ᠨᠡᠭᠡᠭᠡᠨ ᠣᠯᠵᠤ᠂ ᠠᠷᠪᠢᠵᠢᠭᠤᠯᠤᠭᠴᠢᠳ ᠨᠢ ᠭᠧᠣᠯᠣᠭᠢᠴᠢᠳ ᠲᠠ ᠪᠦᠬᠦᠨ ᠪᠥᠭᠡᠳ ᠰᠢᠨ᠎ᠡ ᠪᠡᠷ ᠢᠯᠡᠷᠡᠭᠦᠯᠦᠨ ᠨᠡᠭᠡᠭᠡᠵᠦ ᠣᠯᠤᠭᠰᠠᠨ ᠣᠷᠳᠣ᠂ ᠠᠭᠤᠷᠬᠠᠢ ᠪᠠᠶᠠᠯᠢᠭ ᠪᠣᠯᠭᠠᠨ ᠲᠠᠨᠢ ᠦᠨᠳᠦᠰᠦᠨ ᠦ ᠪᠠᠶᠠᠯᠢᠭ ᠢ ᠨᠡᠮᠡᠭᠳᠡᠭᠦᠯᠵᠦ᠂ ᠡᠳ᠋ ᠍ ᠦᠨ ᠵᠠᠰᠠᠭ ᠤᠨ ᠴᠢᠳᠠᠪᠬᠢ ᠶᠢ ᠰᠠᠶᠢᠵᠢᠷᠠᠭᠤᠯᠵᠤ ᠶᠣᠰᠣᠲᠠᠢ ᠭᠡᠵᠦ ᠦᠵᠡᠳᠡᠭ᠃ ᠬᠠᠶᠢᠭᠤᠯ ᠬᠢᠵᠦ᠂ ᠨᠥᠭᠡᠴᠡ ᠶᠢ ᠨᠢ ᠲᠣᠭᠲᠠᠭᠠᠭᠰᠠᠨ ᠡᠷᠦᠳᠡᠰᠦ ᠶᠢᠨ ᠨᠥᠭᠡᠴᠡ ᠨᠢ ᠲᠤᠬᠠᠢ ᠶᠢᠨ ᠦᠨᠳᠦᠰᠦᠲᠡᠨ ᠦ ᠥᠮᠴᠢ ᠮᠥᠨ ᠪᠣᠯᠬᠤ ᠶᠢ ᠳᠡᠯᠡᠬᠡᠢ ᠨᠡᠶᠢᠲᠡ ᠪᠡᠷ ᠢᠶᠡᠨ ᠬᠦᠯᠢᠶᠡᠨ ᠵᠦᠪᠰᠢᠶᠡᠷᠡᠬᠦ᠂ ᠢᠯᠠᠩᠭᠤᠶ᠎ᠠ ᠨᠡᠶᠢᠲᠡ ᠶᠢᠨ ᠥᠮᠴᠢ ᠮᠥᠨ ᠭᠡᠳᠡᠭ ᠢ ᠪᠠᠲᠤᠯᠠᠭᠠᠵᠢᠭᠤᠯᠬᠤ ᠱᠠᠭᠠᠷᠳᠠᠯᠭ᠎ᠠ ᠲᠤᠯᠭᠠᠷᠠᠵᠤ ᠪᠠᠶᠢᠨ᠎ᠠ᠃
ᠰᠢᠨᠵᠢᠯᠡᠬᠦ ᠤᠬᠠᠭᠠᠨ ᠢᠶᠠᠷ ᠲᠣᠭᠠᠴᠠᠭ᠎ᠠ ᠰᠤᠳᠤᠯᠭ᠎ᠠ ᠪᠠᠷ ᠬᠡᠮᠵᠢᠶ᠎ᠡ ᠶᠢ ᠲᠣᠭᠲᠠᠭᠠᠭᠰᠠᠨ ᠡᠷᠦᠳᠡᠰᠦ ᠶᠢᠨ ᠨᠥᠭᠡᠴᠡ ᠪᠣᠯᠤᠨ ᠲᠡᠭᠦᠨ ᠢ ᠠᠭᠤᠯᠵᠤ ᠪᠠᠶᠢᠭ᠎ᠠ ᠭᠠᠵᠠᠷ ᠨᠢ ᠠᠭᠤᠯᠠ ᠠᠭᠤᠷᠬᠠᠢ ᠶᠢᠨ ᠣᠯᠪᠤᠷᠢᠯᠠᠯᠲᠠ ᠶᠠᠪᠤᠭᠤᠯᠬᠤ᠂ ᠬᠠᠮᠲᠤᠷᠠᠭᠰᠠᠨ ᠭᠡᠷ᠎ᠡ ᠪᠠᠶᠢᠭᠤᠯᠬᠤ ᠨᠥᠬᠥᠴᠡᠯ ᠳᠦ ᠮᠣᠩᠭᠣᠯ ᠤᠨ ᠲᠠᠯ᠎ᠠ ᠶᠢᠨ ᠬᠥᠷᠥᠩᠭᠡ ᠣᠷᠣᠭᠤᠯᠤᠯᠲᠠ ᠬᠡᠮᠡᠨ ᠦᠨᠡᠯᠡᠭᠳᠡᠬᠦ᠂ ᠲᠣᠭᠠᠴᠠᠭᠳᠠᠬᠤ ᠶᠣᠰᠣᠲᠠᠢ ᠥᠮᠴᠢ ᠶᠤᠮ᠃ ᠲᠡᠶᠢᠮᠦ ᠤᠴᠢᠷ ᠠᠴᠠ ᠮᠣᠩᠭᠣᠯ ᠤᠨ ᠨᠡᠶᠢᠲᠡ ᠠᠷᠠᠳ ᠲᠦᠮᠡᠨ ᠦ ᠥᠮᠴᠢ ᠪᠣᠯᠤᠭᠰᠠᠨ ᠭᠠᠵᠠᠷ ᠤᠨ ᠬᠡᠪᠡᠯᠢ ᠳ᠋ᠡᠬᠢ ᠪᠠᠶᠠᠯᠢᠭ ᠢ ᠬᠡᠨ ᠨᠢᠭᠡᠨ ᠳᠦ ᠥᠮᠴᠢᠯᠡᠭᠦᠯᠬᠦ᠂ ᠡᠵᠡᠮᠰᠢᠭᠦᠯᠬᠦ ᠲᠤᠬᠠᠢ ᠶᠠᠷᠢᠶ᠎ᠠ ᠬᠡᠷᠬᠢᠪᠡᠴᠦ ᠪᠠᠶᠢᠵᠤ ᠲᠠᠭᠠᠷᠠᠬᠤ ᠦᠭᠡᠢ ᠪᠥᠭᠡᠳ ᠤᠯᠤᠰ ᠣᠷᠣᠨ ᠤ ᠪᠠᠨ ᠡᠷᠬᠡ ᠠᠰᠢᠭ ᠢ ᠡᠷᠬᠢᠮᠯᠡᠨ᠂ ᠪᠣᠳᠠᠲᠤ ᠡᠳ᠋ ᠍ ᠦᠨ ᠵᠠᠰᠠᠭ ᠤᠨ ᠦᠷ᠎ᠡ ᠦᠭᠭᠦᠭᠡᠵᠢ ᠶᠢ ᠡᠷᠬᠡ ᠲᠡᠭᠰᠢ ᠬᠦᠷᠲᠡᠬᠦ ᠶᠣᠰᠣᠲᠠᠢ᠃ ᠲᠡᠶᠢᠮᠦ ᠡᠴᠡ ᠠᠭᠤᠯᠠ ᠠᠭᠤᠷᠬᠠᠢ ᠶᠢᠨ ᠰᠠᠯᠪᠤᠷᠢ ᠳᠤ ᠦᠨᠳᠦᠰᠦᠨ ᠬᠠᠤᠯᠢ ᠶᠢᠨ ᠢᠶᠠᠨ 6.1 ᠳ᠋ᠡᠬᠢ ᠵᠢᠭᠠᠯᠲᠠ ᠶᠢ ᠵᠥᠷᠢᠴᠡᠭᠰᠡᠨ ᠪᠠᠶᠢᠳᠠᠯ ᠢᠶᠠᠷ ᠣᠯᠪᠤᠷᠢᠯᠠᠯᠲᠠ᠂ ᠠᠰᠢᠭᠯᠠᠯᠲᠠ ᠶᠢᠨ ᠭᠡᠷ᠎ᠡ ᠬᠢᠭᠰᠡᠨ ᠲᠣᠬᠢᠶᠠᠯᠳᠤᠯ ᠤᠳ ᠢ ᠡᠷᠭᠢᠨ ᠬᠠᠷᠠᠬᠤ᠂ ᠬᠠᠤᠯᠢ ᠳᠤ ᠨᠡᠶᠢᠴᠡᠭᠦᠯᠬᠦ ᠦᠶ᠎ᠡ ᠪᠢᠳᠡᠨ ᠦ ᠡᠮᠦᠨ᠎ᠡ ᠲᠤᠯᠭᠠᠷᠠᠵᠤ ᠪᠠᠶᠢᠨ᠎ᠠ ᠭᠡᠪᠡ᠃