ᠬᠢᠯᠢ  ᠳᠡᠭᠡᠷ᠎ᠡ ᠳᠣᠲᠣᠭᠠᠳᠤ ᠶᠢᠨ  ᠪᠦᠲᠦᠭᠡᠭᠳᠡᠬᠦᠨ ᠦ ᠲᠥᠪ  ᠪᠠᠶᠢᠭᠤᠯᠤᠨ᠎ᠠ  | News.MN

ᠬᠢᠯᠢ  ᠳᠡᠭᠡᠷ᠎ᠡ ᠳᠣᠲᠣᠭᠠᠳᠤ ᠶᠢᠨ  ᠪᠦᠲᠦᠭᠡᠭᠳᠡᠬᠦᠨ ᠦ ᠲᠥᠪ  ᠪᠠᠶᠢᠭᠤᠯᠤᠨ᠎ᠠ 

ᠵᠠᠪᠬᠠᠨ ᠤ ᠠᠷᠴᠠ ᠰᠠᠭᠤᠷᠢ ᠪᠤᠭᠤᠮᠲᠠ ᠳᠤ ᠦᠵᠡᠰᠬᠦᠯᠡᠩ ᠬᠤᠳᠠᠯᠳᠤᠭ᠎ᠠ ᠪᠣᠯᠵᠤ ᠂ 9 ᠠᠶᠢᠮᠠᠭ ᠤᠨ 500 ᠭᠠᠷᠤᠢ ᠪᠢᠽᠢᠨᠧᠰ ᠡᠷᠬᠢᠯᠡᠭᠴᠢ ᠣᠷᠣᠯᠴᠠᠵᠠᠢ᠃ ᠣᠷᠣᠰ ᠤᠨ ᠪᠦᠭᠦᠳᠡ ᠨᠠᠶᠢᠷᠠᠮᠳᠠᠬᠤ ᠲᠤᠸᠠ ᠤᠯᠤᠰ ᠲᠠᠢ ᠠᠷᠴᠠ  ᠰᠠᠭᠤᠷᠢ ᠶᠢᠨ ᠪᠣᠭᠣᠮᠲᠠ ᠪᠠᠷ ᠬᠢᠯᠢᠯᠡᠳᠡᠭ ᠵᠠᠪᠬᠠᠨ ᠠᠶᠢᠮᠠᠭ ᠨᠢᠭᠡ ᠬᠡᠰᠡᠭ ᠲᠠᠰᠤᠯᠳᠠᠭᠠᠳ ᠪᠠᠶᠢᠭᠰᠠᠨ ᠬᠢᠯᠢ ᠶᠢᠨ ᠦᠵᠡᠰᠬᠦᠯᠡᠩ ᠬᠤᠳᠠᠯᠳᠤᠭ᠎ᠠ ᠶᠢ ᠲᠤᠸᠠ ᠤᠯᠤᠰ ᠤᠨ ᠶᠡᠷᠦᠩᠬᠡᠶᠢᠯᠡᠭᠴᠢ᠂ ᠵᠠᠪᠬᠠᠨ ᠠᠶᠢᠮᠠᠭ ᠤᠨ ᠵᠠᠰᠠᠭ ᠳᠠᠷᠤᠭ᠎ᠠ ᠶᠢᠨ ᠬᠠᠮᠲᠤᠷᠠᠨ ᠠᠵᠢᠯᠯᠠᠬᠤ ᠭᠡᠷ᠎ᠡ ᠶᠢᠨ ᠬᠦᠷᠢᠶᠡᠨ ᠳᠦ ᠳᠠᠬᠢᠨ ᠰᠡᠷᠭᠦᠭᠡᠵᠡᠢ᠃ ᠡᠨᠡ ᠵᠢᠯ ᠳᠦᠷᠪᠡᠳᠡᠬᠢ ᠵᠢᠯ ᠳᠦ ᠪᠡᠨ ᠵᠣᠬᠢᠶᠠᠨ ᠪᠠᠶᠢᠭᠤᠯᠤᠭᠰᠠᠨ ᠲᠤᠰ ᠦᠵᠡᠰᠬᠦᠯᠡᠩ ᠬᠤᠳᠠᠯᠳᠤᠭ᠎ᠠ ᠵᠠᠪᠬᠠᠨ ᠤ ᠵᠠᠰᠠᠭ ᠳᠠᠷᠤᠭ᠎ᠠ ᠶᠢᠨ ᠢᠪᠡᠭᠡᠯ ᠳᠣᠣᠷ᠎ᠠ ᠪᠣᠯᠪᠠ᠃ ᠦᠵᠡᠰᠬᠦᠯᠡᠩ ᠬᠤᠳᠠᠯᠳᠤᠭᠠᠨ ᠳᠤ ᠪᠦᠭᠦᠳᠡ ᠨᠠᠶᠢᠷᠠᠮᠳᠠᠬᠤ ᠲᠤᠸᠠ ᠤᠯᠤᠰ ᠤᠨ ᠡᠷᠽᠢᠨ ᠬᠣᠰᠢᠭᠤᠨ ᠤ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠨᠠᠮᠵᠠ ᠰᠧᠷᠾᠧᠺ᠂ ᠵᠠᠰᠠᠭ ᠳᠠᠷᠤᠭ᠎ᠠ ᠣᠷᠯᠠᠨ ᠴᠢᠭᠵᠢᠲ᠂ ᠵᠠᠪᠬᠠᠨ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠼ∙ᠪᠠᠯᠾᠠᠶᠠᠷᠸ᠎ᠠ ᠂ ᠵᠠᠰᠠᠭ ᠳᠠᠷᠤᠭ᠎ᠠ ᠳ∙ᠪᠠᠲᠤᠰᠠᠶᠢᠬᠠᠨ ᠨᠠᠷ ᠤᠨ ᠠᠯᠪᠠᠨ ᠤ ᠬᠦᠮᠦᠰ᠂ ᠬᠣᠶᠠᠷ ᠣᠷᠣᠨ ᠤ ᠬᠤᠳᠠᠯᠳᠤᠭ᠎ᠠ ᠡᠷᠬᠢᠯᠡᠭᠴᠢᠳ᠂ 2000 ᠣᠷᠴᠢᠮ ᠢᠷᠭᠡᠨ ᠣᠷᠣᠯᠴᠠᠭᠰᠠᠨ ᠪᠠᠶᠢᠨ᠎ᠠ᠃ ᠦᠵᠡᠰᠬᠦᠯᠡᠩ ᠬᠤᠳᠠᠯᠳᠤᠭᠠᠨ ᠠᠴᠠ ᠲᠤᠸᠠ ᠤᠯᠤᠰ ᠤᠨ ᠢᠷᠭᠡᠳ ᠬᠡᠷᠡᠭᠴᠡᠭᠡᠲᠦ ᠪᠠᠷᠠᠭ᠎ᠠ ᠪᠦᠲᠦᠭᠡᠭᠳᠡᠬᠦᠨ᠂ ᠲᠡᠷᠡ ᠳᠤᠮᠳᠠ ᠪᠠᠨ ᠮᠣᠩᠭᠣᠯ ᠤᠯᠤᠰ ᠲᠤ ᠦᠢᠯᠡᠳᠪᠦᠷᠢᠯᠡᠭᠰᠡᠨ ᠠᠷᠠᠰᠤᠨ ᠡᠳ᠋ᠯᠡᠯ᠂ ᠣᠶᠣᠮᠠᠯ᠂ ᠰᠦᠯᠵᠢᠮᠡᠯ᠂ ᠢᠰᠡᠭᠡᠢ ᠪᠡᠷ ᠬᠢᠭᠰᠡᠨ ᠪᠦᠲᠦᠭᠡᠭᠳᠡᠬᠦᠨ ᠢ ᠶᠡᠬᠡ ᠪᠡᠷ ᠰᠣᠨᠢᠷᠬᠠᠨ ᠬᠤᠳᠠᠯᠳᠤᠨ  ᠠᠪᠴᠠᠢ ᠃ ᠬᠠᠷᠢᠨ ᠮᠣᠩᠭᠣᠯ ᠤᠨ ᠬᠤᠳᠠᠯᠳᠤᠨ ᠠᠪᠤᠭᠴᠢ ᠨᠠᠷ ᠣᠷᠣᠰ ᠤᠨ ᠬᠦᠨᠡᠰᠦᠨ ᠦ ᠪᠠᠷᠠᠭ᠎ᠠ ᠪᠦᠲᠦᠭᠡᠭᠳᠡᠬᠦᠨ᠂ ᠭᠤᠲᠤᠯ ᠬᠤᠪᠴᠠᠰᠤ ᠶᠢ ᠶᠡᠬᠡᠪᠴᠢᠯᠡᠨ ᠬᠤᠳᠠᠯᠳᠤᠨ ᠠᠪᠴᠠᠢ᠃

ᠦᠵᠡᠰᠬᠦᠯᠡᠩ ᠶᠠᠭᠠᠷᠮᠠᠭ ᠤᠨ ᠦᠶ᠎ᠡ ᠪᠡᠷ ᠢᠷᠭᠡᠳ ᠢ ᠬᠢᠯᠢ ᠪᠡᠷ ᠭᠠᠷᠬᠤ ᠳᠤ ᠨᠢ ᠰᠢᠭᠤᠷᠬᠠᠢ ᠦᠢᠯᠡᠴᠢᠯᠡᠵᠦ ᠠᠵᠢᠯᠯᠠᠭᠰᠠᠨ ᠪᠥᠭᠡᠳ ᠴᠢᠨᠠᠭᠰᠢᠳᠠ ᠬᠣᠶᠠᠷ ᠣᠷᠣᠨ ᠤ ᠬᠢᠯᠢ ᠶᠢᠨ ᠪᠣᠭᠣᠮᠲᠠ ᠳᠡᠭᠡᠷ᠎ᠡ ᠳᠣᠲᠣᠭᠠᠳᠤ ᠶᠢᠨ ᠦᠢᠯᠡᠳᠪᠦᠷᠢᠯᠡᠯ ᠦᠨ ᠪᠦᠭᠡᠮ ᠦᠨ ᠲᠥᠪ ᠪᠠᠶᠢᠭᠤᠯᠬᠤ ᠪᠠᠷ ᠠᠯᠪᠠᠨ ᠤ ᠬᠦᠮᠦᠰ ᠡᠨᠡ ᠦᠶ᠎ᠡ ᠪᠡᠷ ᠲᠣᠬᠢᠷᠠᠯᠴᠠᠵᠤ ᠲᠥᠯᠥᠪᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ