ᠨ∙ᠡᠩᠬᠡᠪᠣᠯᠤᠳ ᠬᠢᠲᠠᠳ ᠲᠤ ᠠᠶᠢᠯᠴᠢᠯᠠᠵᠤ ᠪᠠᠶᠢᠨ᠎ᠠ  | News.MN

ᠨ∙ᠡᠩᠬᠡᠪᠣᠯᠤᠳ ᠬᠢᠲᠠᠳ ᠲᠤ ᠠᠶᠢᠯᠴᠢᠯᠠᠵᠤ ᠪᠠᠶᠢᠨ᠎ᠠ 

ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠪᠠᠲᠤᠯᠠᠨ ᠬᠠᠮᠠᠭᠠᠯᠠᠬᠤ ᠶᠢᠨ ᠰᠠᠶᠢᠳ ᠸᠸᠢ ᠹᠸᠩ ᠾᠸ ᠶᠢᠨ ᠤᠷᠢᠯᠭ᠎ᠠ ᠪᠠᠷ ᠲᠤᠰ ᠤᠯᠤᠰ ᠲᠤ ᠠᠵᠢᠯ ᠤᠨ ᠠᠶᠢᠯᠴᠢᠯᠠᠯ ᠬᠢᠵᠦ᠂ ᠠᠯᠪᠠᠨ ᠶᠣᠰᠣᠨ ᠤ ᠬᠣᠶᠠᠷ ᠲᠠᠯ᠎ᠠ ᠶᠢᠨ ᠠᠭᠤᠯᠵᠠᠯᠲᠠ ᠬᠡᠯᠡᠯᠴᠡᠭᠡ ᠬᠢᠯ᠎ᠡ᠃ ᠬᠡᠯᠡᠯᠴᠡᠭᠡᠨ ᠦ ᠳᠠᠷᠠᠭ᠎ᠠ ᠪᠠᠷ ᠬᠣᠶᠠᠷ ᠣᠷᠣᠨ ᠤ ᠰᠠᠶᠢᠳ ᠨᠠᠷ ᠮᠣᠩᠭᠣᠯ ᠤᠯᠤᠰ ᠲᠤ ᠴᠡᠷᠢᠭ ᠲᠧᠭᠨᠢᠭ ᠦᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠲᠤᠰᠠᠯᠠᠮᠵᠢ ᠦᠵᠡᠭᠦᠯᠬᠦ ᠬᠡᠯᠡᠯᠴᠡᠭᠡᠷ ᠲᠦ ᠭᠠᠷ ᠤᠨ ᠦᠰᠦᠭ ᠵᠢᠷᠤᠯ᠎ᠠ᠃
ᠨ∙ᠡᠩᠬᠡᠪᠣᠯᠤᠳ ᠬᠢᠲᠠᠳ ᠤᠨ ᠦᠬᠠᠨ ᠬᠤᠲᠠ ᠳᠤ ᠪᠣᠯᠵᠤ ᠪᠤᠢ ᠴᠡᠷᠢᠭ ᠦᠨ ᠰᠫᠣᠷᠲ ᠤᠨ 7 ᠳ᠋ᠤᠭᠠᠷ ᠶᠡᠬᠡ ᠨᠠᠭᠠᠳᠤᠮ ᠤᠨ ᠨᠡᠭᠡᠭᠡᠯᠲᠡ ᠶᠢᠨ ᠠᠵᠢᠯᠯᠠᠭᠠᠨ ᠳᠤ ᠣᠷᠣᠯᠴᠠᠯ᠎ᠠ᠃ ᠲᠡᠷᠡ ᠪᠡᠷ ᠮᠥᠨ ᠪᠡᠭᠡᠵᠢᠩ ᠬᠤᠲᠠ ᠳᠤ ᠵᠣᠬᠢᠶᠠᠨ ᠪᠠᠶᠢᠭᠤᠯᠤᠭᠳᠠᠵᠤ ᠪᠤᠢ ᠰᠢᠶᠠᠩᠱᠠᠨ ᠦ ᠪᠠᠲᠤᠯᠠᠨ ᠬᠠᠮᠠᠭᠠᠯᠠᠬᠤ᠂ ᠠᠶᠤᠯᠭᠦᠢ ᠪᠠᠶᠢᠳᠠᠯ ᠤᠨ ᠹᠣᠷᠣᠮ ᠳᠤ ᠣᠷᠣᠯᠴᠠᠵᠤ ᠂ ᠵᠠᠷᠢᠮ ᠣᠷᠣᠨ ᠤ ᠰᠠᠶᠢᠳ ᠨᠠᠷ ᠲᠠᠢ ᠠᠭᠤᠯᠵᠠᠯᠲᠠ ᠬᠢᠨ᠎ᠡ᠃

ᠰᠡᠳᠬᠢᠭᠳᠡᠯ ᠦᠯᠡᠳᠡᠭᠡᠬᠦ