ᠺᠣᠺᠰ ᠬᠢᠮᠢ ᠶᠢᠨ ᠦᠢᠯᠡᠳᠪᠦᠷᠢ ᠬᠥᠭᠵᠢᠭᠦᠯᠬᠦ  ᠳᠤ ᠬᠠᠮᠲᠤᠷᠠᠨ ᠠᠵᠢᠯᠯᠠᠨ᠎ᠠ  | News.MN

ᠺᠣᠺᠰ ᠬᠢᠮᠢ ᠶᠢᠨ ᠦᠢᠯᠡᠳᠪᠦᠷᠢ ᠬᠥᠭᠵᠢᠭᠦᠯᠬᠦ  ᠳᠤ ᠬᠠᠮᠲᠤᠷᠠᠨ ᠠᠵᠢᠯᠯᠠᠨ᠎ᠠ 

ᠰᠢᠨᠵᠢᠯᠡᠬᠦ ᠤᠬᠠᠭᠠᠨ ᠤ ᠠᠺᠠᠳᠧᠮᠢ ᠶᠢᠨ ᠬᠢᠮᠢ᠂ ᠬᠢᠮᠢ ᠶᠢᠨ ᠲᠧᠭᠨᠣᠯᠣᠭᠢ ᠶᠢᠨ ᠬᠦᠷᠢᠶᠡᠯᠡᠩ  ᠂ ᠡᠷᠳᠡᠨᠢᠰ-ᠲᠠᠪᠤᠨᠲᠣᠯᠣᠭᠠᠢ ᠺᠤᠮᠫᠠᠨᠢ  ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠵᠠᠢ᠃ ᠲᠣᠳᠣᠷᠠᠭᠤᠯᠪᠠᠯ᠂ ᠬᠣᠶᠠᠷ ᠲᠠᠯ᠎ᠠ ᠲᠠᠪᠤᠨᠲᠣᠯᠣᠭᠠᠢ ᠶᠢᠨ ᠨᠡᠭᠦᠷᠡᠰᠦ ᠶᠢ ᠪᠣᠯᠪᠠᠰᠤᠷᠠᠭᠤᠯᠵᠤ᠂ ᠡᠴᠦᠰ ᠦᠨ ᠪᠦᠲᠦᠭᠡᠭᠳᠡᠬᠦᠨ ᠭᠠᠷᠭᠠᠨ ᠠᠪᠬᠤ᠂ ᠤᠯᠠᠮ ᠢᠶᠠᠷ ᠮᠣᠩᠭᠣᠯ ᠤᠯᠤᠰ ᠲᠤ ᠺᠣᠺᠰ ᠬᠢᠮᠢ ᠶᠢᠨ ᠦᠢᠯᠡᠳᠪᠦᠷᠢ ᠬᠥᠭᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠠᠵᠠᠢ᠃
ᠬᠢᠮᠢ᠂ ᠬᠢᠮᠢ ᠶᠢᠨ ᠲᠧᠭᠨᠣᠯᠣᠭᠢ ᠶᠢᠨ ᠬᠦᠷᠢᠶᠡᠯᠡᠩ ᠦᠨ ᠡᠷᠳᠡᠮᠲᠡᠳ ᠲᠦᠭᠦᠬᠡᠢ ᠨᠡᠭᠦᠷᠡᠰᠦᠨ ᠦ ᠰᠢᠨᠵᠢ ᠴᠢᠨᠠᠷ ᠪᠣᠯᠤᠨ ᠺᠣᠺᠰᠵᠢᠬᠤ ᠰᠢᠨᠵᠢ ᠴᠢᠨᠠᠷ ᠤᠨ ᠰᠤᠳᠤᠯᠭ᠎ᠠ ᠶᠢ ᠨᠠᠷᠢᠪᠴᠢᠯᠠᠨ ᠬᠢᠵᠤ᠂ ᠺᠣᠺᠰᠵᠢᠭᠤᠯᠤᠯᠲᠠ ᠠᠴᠠ ᠡᠭᠦᠰᠬᠦ ᠳᠠᠪᠠᠷᠬᠠᠢ ᠶᠢ ᠠᠰᠢᠭᠯᠠᠬᠤ ᠪᠣᠯᠤᠮᠵᠢ ᠶᠢ ᠲᠣᠭᠲᠠᠭᠠᠵᠤ᠂ ᠨᠡᠭᠦᠷᠡᠰᠦᠨ ᠦ ᠳᠠᠪᠬᠤᠷᠭ᠎ᠠ ᠶᠢᠨ ᠮᠧᠲ᠋ᠠᠨ ᠬᠡᠢ ᠶᠢ ᠪᠣᠯᠪᠠᠰᠤᠷᠠᠭᠤᠯᠬᠤ᠂ ᠲᠡᠭᠦᠨ ᠡᠴᠡ ᠨᠡᠶᠢᠯᠡᠯᠢᠭ ᠪᠠᠶᠢᠭᠠᠯᠢ ᠶᠢᠨ ᠬᠡᠢ ᠪᠣᠯᠤᠨ ᠰᠢᠩᠭᠡᠷᠡᠭᠦᠯᠦᠭᠰᠡᠨ ᠪᠠᠶᠢᠭᠠᠯᠢ ᠶᠢᠨ ᠬᠡᠢ ᠭᠠᠷᠭᠠᠨ ᠠᠪᠬᠤ ᠲᠧᠭᠨᠣᠯᠣᠭᠢ ᠶᠢᠨ ᠰᠤᠳᠤᠯᠭᠠᠨ ᠬᠢᠬᠦ ᠪᠡᠷ ᠪᠣᠯᠵᠠᠢ᠃

ᠰᠡᠳᠬᠢᠭᠳᠡᠯ ᠦᠯᠡᠳᠡᠭᠡᠬᠦ