ᠬᠣᠪᠳᠣ ᠶᠢᠨ ᠨᠢᠭᠡᠨ ᠳᠠᠷᠤᠭ᠎ᠠ ᠶᠢ ᠪᠠᠷᠢᠴᠠᠭᠠᠯᠠᠵᠤ᠂ ᠮᠥᠩᠭᠥ ᠨᠡᠬᠡᠵᠡᠢ  | News.MN

ᠬᠣᠪᠳᠣ ᠶᠢᠨ ᠨᠢᠭᠡᠨ ᠳᠠᠷᠤᠭ᠎ᠠ ᠶᠢ ᠪᠠᠷᠢᠴᠠᠭᠠᠯᠠᠵᠤ᠂ ᠮᠥᠩᠭᠥ ᠨᠡᠬᠡᠵᠡᠢ 

ᠪᠤᠰᠤᠳ ᠲᠤ ᠬᠢᠲᠤᠭ᠎ᠠ ᠲᠤᠯᠭᠠᠨ ᠳᠠᠷᠤᠮᠲᠠᠯᠠᠵᠤ᠂ ᠶᠡᠬᠡ ᠬᠡᠮᠵᠢᠶᠡᠨ ᠦ ᠮᠥᠩᠭᠥ ᠨᠡᠬᠡᠭᠰᠡᠨ ᠬᠡᠷᠡᠭ ᠭᠠᠷᠴᠠᠢ᠃ ᠲᠣᠳᠣᠷᠠᠭᠤᠯᠪᠠᠯ᠂ ᠠᠷᠪᠠᠳᠤᠭᠠᠷ ᠰᠠᠷ᠎ᠠ ᠶᠢᠨ 19 ᠍ ᠤ ᠡᠳᠦᠷ ᠬᠣᠪᠳᠣ ᠠᠶᠢᠮᠠᠭ ᠤᠨ ᠳᠤᠯᠠᠭᠠᠨ ᠤ ᠴᠠᠬᠢᠯᠭᠠᠨ ᠰᠲ᠋ᠠᠨᠼ ᠤᠨ ᠳᠠᠷᠤᠭ᠎ᠠ ᠨ᠂ ᠰᠤᠷᠮᠠᠵᠠᠪ ᠢ ᠳᠥᠷᠪᠡᠨ ᠡᠲᠡᠭᠡᠳ ᠪᠠᠷᠢᠴᠠᠭᠠᠯᠠᠵᠤ᠂ ᠬᠣᠶᠠᠷ ᠤᠳᠠᠭ᠎ᠠ ᠬᠢᠲᠤᠭᠠᠯᠠᠨ᠂ ᠮᠠᠰᠢᠨ ᠢᠶᠠᠷ ᠢᠶᠠᠨ ᠠᠪᠴᠤ ᠵᠢᠭᠤᠲᠠᠭᠰᠠᠨ ᠪᠠᠶᠢᠨ᠎ᠠ᠃ ᠲᠡᠳᠡᠨ ᠦ ᠨᠢᠭᠡ ᠨᠢ ᠱᠣᠷᠣᠩ ᠠᠴᠠ ᠰᠤᠯᠠᠯᠠᠭᠳᠠᠭᠰᠠᠨ ᠡᠲᠡᠭᠡᠳ ᠪᠠᠶᠢᠭᠰᠠᠨ ᠠᠵᠠᠢ᠃
ᠲᠤᠬᠠᠢ ᠶᠢᠨ ᠦᠶ᠎ᠡ ᠳᠦ ᠴᠠᠭᠳᠠᠭ᠎ᠠ ᠶᠢᠨ ᠪᠠᠶᠢᠭᠤᠯᠤᠯᠭ᠎ᠠ ᠳᠤ ᠮᠡᠳᠡᠭᠳᠡᠭᠰᠡᠨ ᠢᠶᠡᠷ ᠬᠣᠪᠳᠣ ᠠᠶᠢᠮᠠᠭ ᠤᠨ ᠴᠠᠭᠳᠠᠭ᠎ᠠ ᠶᠢᠨ ᠠᠯᠪᠠ ᠬᠠᠭᠠᠭᠴᠢᠳ ᠠᠵᠢᠯᠯᠠᠭ᠎ᠠ ᠵᠣᠬᠢᠶᠠᠨ ᠪᠠᠶᠢᠭᠤᠯᠵᠤ᠂ ᠭᠡᠮᠲᠦ ᠡᠲᠡᠭᠡᠳ ᠦᠳ ᠢ ᠵᠠᠪᠬᠠᠨ ᠠᠶᠢᠮᠠᠭ ᠤᠨ ᠰᠣᠩᠭᠢᠨ᠎ᠠ ᠰᠤᠮᠤ ᠠᠴᠠ ᠪᠠᠷᠢᠪᠴᠢᠯᠠᠵᠤ᠂ ᠪᠠᠷᠢᠴᠠᠭᠠᠨ ᠳᠤ ᠣᠷᠣᠭᠰᠠᠨ ᠢᠷᠭᠡᠨ ᠢ ᠡᠮᠨᠡᠯᠭᠡ ᠶᠢᠨ ᠪᠠᠶᠢᠭᠤᠯᠤᠯᠭ᠎ᠠ ᠳᠤ ᠬᠦᠷᠭᠡᠭᠰᠡᠨ ᠪᠠᠶᠢᠨ᠎ᠠ᠃ ᠤᠷᠢᠳᠴᠢᠯᠠᠭᠰᠠᠨ ᠮᠡᠳᠡᠭᠦᠯᠭᠡ ᠪᠡᠷ ᠬᠡᠨᠲᠡᠢ ᠠᠶᠢᠮᠠᠭ ᠤᠨ ᠬᠠᠷᠢᠶᠠᠲᠤ 1964 ᠣᠨ ᠳᠤ ᠲᠦᠷᠦᠭᠰᠡᠨ ᠡᠲᠡᠭᠡᠳ ᠤᠭ ᠬᠡᠷᠡᠭ ᠢ ᠵᠣᠬᠢᠶᠠᠨ ᠪᠠᠶᠢᠭᠤᠯᠤᠭᠰᠠᠨ ᠢᠶᠠᠨ ᠮᠡᠳᠡᠭᠦᠯᠦᠭᠰᠡᠨ ᠪᠠᠶᠢᠨ᠎ᠠ᠃ ᠴᠠᠭᠳᠠᠭ᠎ᠠ ᠶᠢᠨ ᠪᠠᠶᠢᠭᠤᠯᠤᠯᠭ᠎ᠠ ᠠᠴᠠ ᠡᠨᠡ ᠲᠠᠯ᠎ᠠ ᠪᠠᠷ ᠲᠣᠳᠣᠷᠠᠭᠤᠯᠬᠤ ᠳᠤ ᠬᠣᠪᠳᠣ ᠠᠶᠢᠮᠠᠭ ᠳᠠᠬᠢ ᠴᠠᠭᠳᠠᠭ᠎ᠠ ᠶᠢᠨ ᠠᠯᠪᠠ ᠬᠠᠭᠠᠭᠴᠢ ᠨᠠᠷ ᠵᠠᠪᠬᠠᠨ ᠤ ᠰᠣᠩᠭᠢᠨ᠎ᠠ ᠰᠤᠮᠤᠨ ᠳᠤ ᠠᠵᠢᠯᠯᠠᠵᠤ ᠪᠠᠶᠢᠨ᠎ᠠ᠂ ᠮᠥᠷᠳᠡᠨ ᠰᠢᠯᠭᠠᠯᠲᠠ ᠶᠢᠨ ᠠᠵᠢᠯᠯᠠᠭ᠎ᠠ ᠦᠷᠭᠦᠯᠵᠢᠯᠡᠵᠦ ᠪᠠᠶᠢᠭ᠎ᠠ ᠲᠠᠯ᠎ᠠ ᠪᠠᠷ ᠮᠡᠳᠡᠭᠡᠯᠡᠭᠰᠡᠨ ᠶᠤᠮ᠃

ᠰᠡᠳᠬᠢᠭᠳᠡᠯ ᠦᠯᠡᠳᠡᠭᠡᠬᠦ