︽ᠮᠣᠩᠭᠣᠯ ᠤᠨ ᠰᠤᠶᠤᠯ ᠤᠨ ᠡᠳᠦᠷ ᠦᠳ︾ ᠢ ᠪᠡᠭᠡᠵᠢᠩ ᠳᠦ ᠵᠣᠬᠢᠶᠠᠨ ᠪᠠᠶᠢᠭᠤᠯᠤᠨ᠎ᠠ  | News.MN

 ︽ᠮᠣᠩᠭᠣᠯ ᠤᠨ ᠰᠤᠶᠤᠯ ᠤᠨ ᠡᠳᠦᠷ ᠦᠳ︾ ᠢ ᠪᠡᠭᠡᠵᠢᠩ ᠳᠦ ᠵᠣᠬᠢᠶᠠᠨ ᠪᠠᠶᠢᠭᠤᠯᠤᠨ᠎ᠠ 

ᠡᠨᠡ ᠵᠢᠯ ᠮᠣᠩᠭᠣᠯ ᠬᠢᠲᠠᠳ ᠤᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠲᠣᠬᠢᠶᠠᠵᠤ ᠪᠤᠢ᠃ ᠡᠭᠦᠨ ᠲᠡᠢ ᠬᠣᠯᠪᠣᠭᠳᠠᠭᠤᠯᠤᠨ ︽ᠮᠣᠩᠭᠣᠯ ᠤᠨ ᠰᠤᠶᠤᠯ ᠤᠨ ᠡᠳᠦᠷ ᠦᠳ︾ ᠢ ᠠᠷᠪᠠᠨ ᠬᠣᠶᠠᠳᠤᠭᠠᠷ ᠰᠠᠷ᠎ᠠ ᠶᠢᠨ 1-3 ᠤ ᠬᠣᠭᠣᠷᠣᠨᠳᠣ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠨᠡᠶᠢᠰᠯᠡᠯ ᠪᠡᠭᠡᠵᠢᠩ ᠬᠤᠲᠠ ᠳᠤ ᠵᠣᠬᠢᠶᠠᠨ ᠪᠠᠶᠢᠭᠤᠯᠬᠤ ᠪᠠᠷ ᠪᠣᠯᠵᠠᠢ᠃
ᠤᠭ ᠡᠳᠦᠷ ᠦᠳ ᠢᠶᠡᠷ ᠭᠡᠷᠡᠯ ᠵᠢᠷᠤᠭ ᠤᠨ ᠦᠵᠡᠰᠬᠦᠯᠡᠩ᠂ ᠡᠷᠳᠡᠮ ᠰᠢᠨᠵᠢᠯᠡᠭᠡᠨ ᠦ ᠬᠤᠷᠠᠯ᠂ ᠮᠣᠩᠭᠣᠯ ᠤᠨ ᠺᠢᠨᠣ᠋ ᠡᠳᠦᠷ ᠦᠳ ᠪᠣᠯᠤᠨ ᠦᠨᠳᠦᠰᠦᠨ ᠦ ᠤᠷᠠᠯᠢᠭ ᠤᠨ ᠲᠣᠭᠯᠠᠯᠲᠠ ᠪᠣᠯᠬᠤ ᠶᠤᠮ ᠪᠠᠶᠢᠨ᠎ᠠ᠃ ᠡᠨᠡ ᠠᠰᠠᠭᠤᠳᠠᠯ ᠢ ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠤ ᠳᠡᠳ᠋ ᠰᠠᠶᠢᠳ ᠭ∙ᠭᠠᠩᠪᠠᠶᠠᠷ ᠲᠤᠰ ᠤᠯᠤᠰ ᠲᠤ ᠠᠶᠢᠯᠴᠢᠯᠠᠬᠤ ᠦᠶ᠎ᠡ ᠪᠡᠷ ᠬᠥᠨᠳᠡᠵᠦ᠂ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠪᠣᠳᠣᠯ ᠢᠶᠠᠨ ᠰᠣᠯᠢᠯᠴᠠᠵᠠᠢ᠃

ᠰᠡᠳᠬᠢᠭᠳᠡᠯ ᠦᠯᠡᠳᠡᠭᠡᠬᠦ