ᠰᠫᠣᠷᠲ ᠤᠨ ᠺᠯᠦ᠋ᠪ  ᠤᠳ ᠢᠲᠡᠭᠡᠮᠵᠢᠯᠡᠭᠳᠡᠵᠦ ᠡᠬᠢᠯᠡᠯ᠎ᠡ     | News.MN

ᠰᠫᠣᠷᠲ ᠤᠨ ᠺᠯᠦ᠋ᠪ  ᠤᠳ ᠢᠲᠡᠭᠡᠮᠵᠢᠯᠡᠭᠳᠡᠵᠦ ᠡᠬᠢᠯᠡᠯ᠎ᠡ    

ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠤ ᠰᠠᠶᠢᠳ ᠤᠨA/621 ᠲᠣᠭᠠᠲᠤ ᠲᠤᠰᠢᠶᠠᠯ ᠢᠶᠠᠷ ᠰᠫᠣᠷᠲ ᠤᠨ ᠺᠯᠦ᠋ᠪ ᠢ ᠮᠠᠭᠠᠳᠯᠠᠨ ᠢᠲᠡᠭᠡᠮᠵᠢᠯᠡᠬᠦ ᠳᠦ ᠲᠠᠯᠪᠢᠭᠳᠠᠬᠤ ᠱᠠᠭᠠᠷᠳᠠᠯᠭ᠎ᠠ᠂ ᠰᠢᠯᠭᠠᠭᠤᠷ ᠦᠵᠡᠭᠦᠯᠦᠯᠲᠡ ᠶᠢ ᠬᠠᠩᠭᠠᠭᠰᠠᠨ ︽ᠭᠤᠯᠳ᠋ᠸᠨ ᠵᠢᠮ︾ ᠹᠢᠲᠨᠧᠰ ᠺᠯᠦ᠋ᠪ  ᠤᠨ ᠨᠢᠭᠡᠳᠦᠭᠡᠷ ᠰᠠᠯᠪᠤᠷᠢ ᠪᠣᠯᠤᠨ  ︽ᠰᠤᠶᠤᠯ︾ ᠹᠢᠲᠨᠧᠰ ᠺᠯᠦ᠋ᠪ  ᠢ 2019 ᠣᠨ ᠤ 9 ᠳ᠋ᠤᠭᠡᠷ ᠰᠠᠷ᠎ᠠ ᠶᠢᠨ 26 ᠍ ᠤ ᠡᠳᠦᠷ ᠡᠴᠡ ᠡᠬᠢᠯᠡᠨ ᠬᠣᠶᠠᠷ ᠵᠢᠯ ᠦᠨ ᠬᠤᠭᠤᠴᠠᠭᠠᠨ ᠳᠤ ᠮᠠᠭᠠᠳᠯᠠᠨ ᠢᠲᠡᠭᠡᠮᠵᠢᠯᠡᠵᠦ᠂ ᠪᠠᠲᠤᠯᠠᠮᠵᠢ ᠣᠯᠭᠤᠭᠠᠳ ᠪᠠᠶᠢᠨ᠎ᠠ᠃
ᠰᠫᠣᠷᠲ ᠤᠨ ᠺᠯᠦ᠋ᠪ  ᠤᠳ ᠢ ᠮᠠᠭᠠᠳᠯᠠᠨ ᠢᠲᠡᠭᠡᠮᠵᠢᠯᠡᠭᠰᠡᠨ ᠢᠶᠡᠷ ᠰᠲ᠋ᠠᠨᠳᠠᠷᠲ ᠤᠨ ᠱᠠᠭᠠᠷᠳᠠᠯᠭ᠎ᠠ ᠬᠠᠩᠭᠠᠭᠰᠠᠨ ᠤᠷᠴᠢᠨ ᠳᠤ ᠮᠡᠷᠭᠡᠵᠢᠯ ᠦᠨ ᠪᠠᠭᠰᠢ᠂ ᠳᠠᠰᠬᠠᠯᠵᠢᠭᠤᠯᠤᠭᠴᠢ᠂ ᠠᠷᠭ᠎ᠠ ᠵᠦᠢᠴᠢ ᠪᠡᠷ ᠥᠪᠡᠷ ᠦᠨ ᠪᠡᠶ᠎ᠡ ᠶᠢᠨ ᠣᠨᠴᠠᠯᠢᠭ ᠲᠤ ᠲᠣᠬᠢᠷᠠᠭᠰᠠᠨ ᠹᠢᠲᠨᠧᠰ  ᠦᠨ ᠬᠥᠲᠥᠯᠪᠦᠷᠢ ᠪᠡᠷ ᠢᠷᠭᠡᠳ ᠬᠢᠴᠢᠶᠡᠯᠯᠡᠬᠦ ᠪᠣᠯᠤᠮᠵᠢ ᠨᠡᠭᠡᠭᠡᠭᠳᠡᠵᠦ ᠪᠠᠶᠢᠭ᠎ᠠ ᠶᠤᠮ᠃ ᠲᠡᠭᠦᠨᠴᠢᠯᠡᠨ ᠮᠠᠭᠠᠳᠯᠠᠨ ᠢᠲᠡᠭᠡᠮᠵᠢᠯᠡᠭᠳᠡᠭᠰᠡᠨ ᠰᠫᠣᠷᠲ ᠤᠨ ᠺᠯᠦ᠋ᠪ  ᠲᠤ ᠬᠢᠴᠢᠶᠡᠯᠯᠡᠭᠰᠡᠨ ᠢᠶᠡᠷ ᠢᠷᠭᠡᠳ ᠲᠦ ᠡᠷᠡᠭᠦᠯ ᠮᠡᠨᠳᠦ ᠶᠢᠨ ᠳᠠᠭᠠᠳᠬᠠᠯ ᠠᠴᠠ ᠤᠷᠮᠠᠰᠢᠭᠤᠯᠤᠯ ᠦᠵᠡᠭᠦᠯᠬᠦ ᠵᠢᠷᠤᠮ ᠤᠨ ᠳᠠᠭᠠᠤ ᠬᠥᠩᠭᠡᠯᠡᠯᠲᠡ ᠡᠳ᠋ᠯᠡᠬᠦ ᠪᠣᠯᠤᠮᠵᠢ ᠨᠡᠭᠡᠭᠡᠭᠳᠡᠬᠦ ᠶᠤᠮ᠃ ᠮᠠᠨ ᠤ ᠤᠯᠤᠰ ᠲᠤ 300 ᠭᠠᠷᠤᠢ ᠰᠫᠣᠷᠲ ᠤᠨ ᠺᠯᠦ᠋ᠪ ᠦᠢᠯᠡ ᠠᠵᠢᠯᠯᠠᠭ᠎ᠠ ᠶᠠᠪᠤᠭᠤᠯᠵᠤ ᠪᠠᠶᠢᠨ᠎ᠠ ᠃

ᠰᠡᠳᠬᠢᠭᠳᠡᠯ ᠦᠯᠡᠳᠡᠭᠡᠬᠦ