ᠮᠥᠩᠭᠥᠨ ᠦ ᠪᠣᠳᠣᠯᠭ᠎ᠠ ᠶᠢᠨ ᠲᠠᠯ᠎ᠠ ᠪᠠᠷ ᠬᠡᠯᠡᠯᠴᠡᠭᠦᠯᠦᠯ᠎ᠡ  | News.MN

ᠮᠥᠩᠭᠥᠨ ᠦ ᠪᠣᠳᠣᠯᠭ᠎ᠠ ᠶᠢᠨ ᠲᠠᠯ᠎ᠠ ᠪᠠᠷ ᠬᠡᠯᠡᠯᠴᠡᠭᠦᠯᠦᠯ᠎ᠡ 

ᠮᠣᠩᠭᠣᠯ  ᠪᠠᠩᠭᠢᠨ ᠠᠴᠠ ᠵᠢᠯ ᠪᠦᠷᠢ ᠲᠥᠷᠥ ᠶᠢᠨ ᠮᠥᠩᠭᠥᠨ ᠦ ᠪᠣᠳᠣᠯᠭ᠎ᠠ ᠶᠢ ᠪᠣᠯᠪᠠᠰᠤᠷᠠᠭᠤᠯᠵᠤ᠂ ᠤᠯᠤᠰ ᠤᠨ ᠶᠡᠬᠡ ᠬᠤᠷᠠᠯ ᠢᠶᠠᠷ ᠬᠡᠯᠡᠯᠴᠡᠭᠦᠯᠦᠨ ᠪᠠᠲᠤᠯᠠᠭᠤᠯᠳᠠᠭ ᠪᠥᠭᠡᠳ ᠡᠭᠦᠨ ᠲᠡᠢ ᠬᠣᠯᠪᠣᠭᠳᠠᠭᠤᠯᠤᠨ ᠲᠥᠪ ᠪᠠᠩᠬᠢᠨ ᠠᠴᠠ ᠣᠯᠠᠨ ᠨᠡᠶᠢᠲᠡ᠂ ᠰᠤᠳᠤᠯᠤᠭᠠᠴᠢ᠂ ᠡᠳ᠋ ᠍ ᠦᠨ ᠵᠠᠰᠠᠭᠴᠢᠳ ᠲᠤ ᠵᠣᠷᠢᠭᠤᠯᠵᠤ ᠨᠡᠭᠡᠭᠡᠯᠲᠡ ᠲᠡᠢ ᠬᠡᠯᠡᠯᠴᠡᠭᠦᠯᠭᠡ ᠶᠢ  ᠭᠤᠷᠪᠠᠳᠠᠬᠢ ᠵᠢᠯ ᠳᠦ ᠪᠡᠨ ᠵᠣᠬᠢᠶᠠᠨ ᠪᠠᠶᠢᠭᠤᠯᠤᠯ᠎ᠠ᠃ ᠡᠨᠡ ᠤᠳᠠᠭ᠎ᠠ ᠶᠢᠨ ᠬᠡᠯᠡᠯᠴᠡᠭᠦᠯᠭᠡ ᠳᠦ  ︽ᠡᠳ᠋  ᠦᠨ ᠵᠠᠰᠠᠭ ᠤᠨ ᠲᠥᠯᠥᠪ – ᠮᠥᠩᠭᠥᠨ ᠦ ᠪᠣᠳᠣᠯᠭ᠎ᠠ︾ ᠰᠡᠳᠦᠪ ᠢᠶᠡᠷ ᠮᠥᠩᠭᠥᠨ ᠦ ᠪᠣᠳᠣᠯᠭ᠎ᠠ ᠶᠢᠨ ᠭᠠᠵᠠᠷ ᠤᠨ ᠵᠠᠬᠢᠷᠤᠯ ᠪ∙ ᠪᠠᠶᠠᠷᠳᠠᠸᠠ ᠢᠯᠡᠳᠬᠡᠯ ᠲᠠᠯᠪᠢᠵᠤ᠂  ︽ᠲᠥᠷᠥ ᠡᠴᠡ ᠮᠥᠩᠭᠥᠨ ᠦ ᠪᠣᠳᠣᠯᠭ᠎ᠠ ᠶᠢᠨ ᠲᠠᠯ᠎ᠠ ᠪᠠᠷ 2020 ᠣᠨ ᠳᠤ ᠪᠠᠷᠢᠮᠲᠠᠯᠠᠬᠤ ᠦᠨᠳᠦᠰᠦᠨ ᠴᠢᠭᠯᠡᠯ︾ ᠢ ᠮᠥᠩᠭᠥᠨ ᠦ ᠪᠣᠳᠣᠯᠭ᠎ᠠ ᠶᠢᠨ ᠭᠠᠵᠠᠷ ᠤᠨ ᠮᠥᠩᠭᠥᠨ ᠦ ᠪᠣᠳᠣᠯᠭ᠎ᠠ᠂ ᠲᠥᠰᠥᠭᠡᠯᠡᠯ ᠦᠨ ᠬᠡᠯᠲᠡᠰ ᠦᠨ ᠵᠠᠬᠢᠷᠤᠯ ᠨ∙ᠤᠷᠭᠤᠮᠠᠯᠠᠰᠤᠪᠤᠳ ᠲᠠᠨᠢᠯᠴᠠᠭᠤᠯᠪᠠ᠃

ᠢᠷᠡᠬᠦ ᠵᠢᠯ ᠪᠤᠶᠤ 2020 ᠣᠨ ᠳᠤ ᠡᠳ᠋  ᠦᠨ ᠵᠠᠰᠠᠭ 5.6ᠬᠤᠪᠢ ᠪᠠᠷ ᠥᠰᠬᠦ ᠲᠥᠰᠥᠭᠡᠯᠡᠯ ᠢ ᠮᠣᠩᠭᠣᠯ ᠪᠠᠩᠬᠢ ᠬᠢᠭᠰᠡᠨ ᠨᠢ ᠡᠮᠦᠨᠡᠬᠢ ᠲᠥᠰᠥᠭᠡᠯᠡᠯ ᠢᠶᠡᠨ 0.3 ᠫᠦᠨᠺᠲ ᠢᠶᠡᠷ ᠪᠠᠭᠤᠷᠠᠭᠤᠯᠤᠭᠰᠠᠨ ᠪᠠᠶᠢᠯ᠎ᠠ᠃
ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠮᠣᠩᠭᠣᠯ ᠤᠯᠤᠰ ᠤᠨ ᠡᠳ᠋ ᠍ ᠦᠨ ᠵᠠᠰᠠᠭ ᠤᠨ ᠥᠰᠦᠯᠲᠡ ᠶᠢᠨ ᠲᠥᠯᠥᠪ ᠢ ᠰᠢᠨᠡᠴᠢᠯᠡᠨ ᠲᠠᠨᠢᠯᠴᠠᠭᠤᠯᠤᠭᠠᠳ ᠪᠠᠶᠢᠨ᠎ᠠ᠃ ᠢᠩᠭᠢᠬᠦ ᠳᠦ ᠪᠡᠨ ᠡᠮᠦᠨᠡᠬᠢ ᠲᠠᠭᠠᠮᠠᠭᠯᠠᠯ ᠤᠳ ᠠᠴᠠ ᠶᠡᠷᠦᠩᠬᠡᠢ ᠳᠦ ᠪᠡᠨ ᠪᠠᠭᠤᠷᠠᠭᠤᠯᠤᠭᠰᠠᠨ ᠪᠥᠭᠡᠳ ᠢᠷᠡᠬᠦ ᠣᠨ ᠳᠤ ᠮᠣᠩᠭᠣᠯ ᠤᠯᠤᠰ ᠤᠨ ᠡᠳ᠋ ᠍ ᠦᠨ ᠵᠠᠰᠠᠭ 6.3  ᠬᠤᠪᠢ ᠪᠠᠷ ᠥᠰᠥᠨ᠎ᠡ ᠭᠡᠵᠦ ᠲᠠᠭᠠᠮᠠᠭᠯᠠᠵᠠᠢ᠃ ᠵᠠᠰᠠᠭ ᠤᠨ ᠭᠠᠵᠠᠷ ᠴᠤ ᠮᠥᠨ ᠡᠨᠡ ᠣᠨ ᠤ ᠥᠰᠦᠯᠲᠡ ᠶᠢ  ᠨᠠᠢᠮᠠᠨ ᠬᠤᠪᠢ ᠭᠡᠰᠡᠨ ᠪᠣᠯ ᠢᠷᠡᠬᠦ ᠣᠨ ᠳᠤ ᠵᠢᠷᠭᠤᠭᠠᠨ ᠬᠤᠪᠢ ᠶᠢᠨ ᠥᠰᠦᠯᠲᠡ ᠬᠦᠯᠢᠶᠡᠵᠦ ᠪᠠᠶᠢᠭ᠎ᠠ ᠪᠠᠨ ᠲᠥᠰᠥᠪ ᠦᠨ ᠲᠥᠰᠥᠯ ᠳᠦ ᠪᠡᠨ ᠲᠤᠰᠬᠠᠭᠠᠳ ᠪᠠᠶᠢᠭ᠎ᠠ᠃

ᠰᠡᠳᠬᠢᠭᠳᠡᠯ ᠦᠯᠡᠳᠡᠭᠡᠬᠦ