ᠰ∙ᠰᠡᠷᠡᠩᠴᠢᠮᠡᠳ ᠮᠥᠩᠭᠥᠨ ᠮᠧᠳᠠᠯ ᠬᠦᠷᠲᠡᠵᠡᠢ  | News.MN

ᠰ∙ᠰᠡᠷᠡᠩᠴᠢᠮᠡᠳ ᠮᠥᠩᠭᠥᠨ ᠮᠧᠳᠠᠯ ᠬᠦᠷᠲᠡᠵᠡᠢ 

ᠳᠡᠯᠡᠬᠡᠢ ᠶᠢᠨ ᠴᠡᠷᠢᠭ ᠦᠨ ᠰᠫᠣᠷᠲ ᠤᠨ ᠳᠤᠯᠤᠳᠤᠭᠠᠷ ᠨᠠᠭᠠᠳᠤᠮ ᠠᠷᠪᠠᠳᠤᠭᠠᠷ ᠰᠠᠷ᠎ᠠ ᠶᠢᠨ 18 ᠳᠦ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠦᠬᠠᠨ ᠬᠤᠲᠠ ᠳᠤ ᠨᠡᠭᠡᠭᠡᠯᠲᠡ ᠪᠡᠨ ᠬᠢᠭᠰᠡᠨ ᠪᠢᠯᠡ᠃ ᠨᠠᠭᠠᠳᠤᠮ ᠤᠨ ᠴᠢᠯᠦᠭᠡᠲᠦ ᠪᠥᠬᠡ ᠶᠢᠨ ᠲᠥᠷᠥᠯ ᠥᠴᠥᠭᠡᠳᠦᠷ ︵2019.10.21︶ ᠡᠬᠢᠯᠡᠭᠰᠡᠨ ᠪᠥᠭᠡᠳ ᠮᠠᠨ ᠤ ᠤᠯᠤᠰ ᠠᠴᠠ ᠡᠮᠡᠭᠲᠡᠶᠢᠴᠦᠳ ᠦᠨ 57 ᠺᠢᠯᠦᠭᠷᠡᠮ ᠤᠨ ᠵᠢᠩ ᠳᠦ ᠰ∙ᠰᠡᠷᠡᠩᠴᠢᠮᠡᠳ ᠪᠠᠷᠢᠯᠳᠤᠵᠤ᠂ ᠮᠥᠩᠭᠥᠨ ᠮᠧᠳᠠᠯ ᠬᠦᠷᠲᠡᠯ᠎ᠡ᠃
ᠲᠡᠷᠡᠪᠡᠷ ᠠᠯᠲᠠᠨ ᠮᠧᠳᠠᠯ ᠤᠨ ᠲᠥᠯᠦᠭᠡᠬᠢ ᠪᠠᠷᠢᠯᠳᠤᠭᠠᠨ ᠳᠤ ᠬᠢᠲᠠᠳ ᠦᠨ ᠪᠥᠬᠡ ᠯᠢ ᠬᠤᠢ ᠳᠤ 6᠄3 ᠍ ᠪᠠᠷ ᠢᠯᠠᠭᠳᠠᠭᠰᠠᠨ ᠪᠠᠶᠢᠨ᠎ᠠ᠃ ᠲᠡᠭᠦᠨ ᠡᠴᠡ ᠡᠮᠦᠨ᠎ᠡ ᠳ∙ᠬᠦᠳᠡᠷᠢᠪᠤᠯᠠᠭ᠎ᠠ 2015 ᠣᠨ ᠳᠤ ᠮᠥᠩᠭᠥᠨ ᠮᠧᠳᠠᠯ  ᠬᠦᠷᠲᠡᠵᠦ ᠪᠠᠶᠢᠭᠰᠠᠨ ᠶᠤᠮ᠃

ᠰᠡᠳᠬᠢᠭᠳᠡᠯ ᠦᠯᠡᠳᠡᠭᠡᠬᠦ