ᠵᠣᠬᠢᠶᠠᠭᠴᠢ ᠶᠢᠨ ᠡᠷᠬᠡ ᠶᠢᠨ ᠲᠤᠬᠠᠢ ᠬᠠᠤᠯᠢ ᠶᠢ ᠰᠢᠨᠡᠴᠢᠯᠡᠨ᠎ᠡ  | News.MN

ᠵᠣᠬᠢᠶᠠᠭᠴᠢ ᠶᠢᠨ ᠡᠷᠬᠡ ᠶᠢᠨ ᠲᠤᠬᠠᠢ ᠬᠠᠤᠯᠢ ᠶᠢ ᠰᠢᠨᠡᠴᠢᠯᠡᠨ᠎ᠡ 

ᠣᠶᠤᠨ ᠤ ᠪᠦᠲᠦᠭᠡᠯ ᠢ ᠵᠥᠪᠰᠢᠶᠡᠷᠡᠯ ᠦᠭᠡᠢ ᠠᠰᠢᠭᠯᠠᠬᠤ ᠠᠴᠠ ᠭᠠᠳᠠᠨ᠎ᠠ ᠬᠠᠭᠤᠯᠪᠤᠷᠢᠯᠠᠵᠤ ᠬᠠᠤᠯᠢ ᠪᠤᠰᠤ ᠪᠠᠷ ᠣᠷᠣᠯᠭ᠎ᠠ ᠤᠯᠬᠤ ᠨᠢ ᠡᠷᠡᠰ ᠨᠡᠮᠡᠭᠳᠡᠭᠰᠡᠨ᠃ ᠡᠶᠢᠮᠦ ᠡᠴᠡ ᠵᠣᠬᠢᠶᠠᠭᠴᠢ ᠶᠢᠨ ᠡᠷᠬᠡ᠂ ᠲᠡᠭᠦᠨ ᠳᠦ ᠬᠠᠮᠢᠶᠠᠷᠬᠤ ᠡᠷᠬᠡ ᠶᠢᠨ ᠵᠣᠬᠢᠴᠠᠭᠤᠯᠤᠯᠲᠠ ᠶᠢ ᠪᠣᠯᠪᠠᠰᠤᠷᠠᠩᠭᠤᠢ ᠪᠣᠯᠭᠠᠬᠤ᠂ ᠴᠠᠬᠢᠮ ᠪᠣᠯᠤᠨ ᠬᠠᠷᠢᠯᠴᠠᠭ᠎ᠠ ᠬᠣᠯᠪᠣᠭᠠᠨ ᠤ ᠪᠤᠰᠤᠳ ᠰᠦᠯᠵᠢᠶ᠎ᠡ᠂ ᠥᠷᠭᠡᠨ ᠨᠡᠪᠲᠡᠷᠡᠭᠦᠯᠭᠡ᠂ ᠣᠯᠠᠨ ᠰᠤᠪᠠᠭ ᠳᠠᠮᠵᠢᠭᠤᠯᠤᠭᠴᠢ᠂ ᠳᠠᠭᠤᠤ ᠬᠥᠭᠵᠢᠮ᠂ ᠳᠠᠭᠤᠤ ᠠᠪᠢᠶ᠎ᠠ ᠪᠦᠬᠦᠢ ᠳᠦᠷᠰᠦᠲᠦ ᠪᠦᠲᠦᠭᠡᠯ ᠦᠨ ᠡᠷᠬᠡ ᠵᠦᠢ ᠶᠢᠨ ᠵᠣᠬᠢᠴᠠᠭᠤᠯᠤᠯᠲᠠ ᠶᠢ ᠲᠣᠳᠣᠷᠬᠠᠢ ᠪᠣᠯᠭᠠᠬᠤ᠂ ᠵᠣᠬᠢᠶᠠᠭᠴᠢ ᠶᠢᠨ ᠡᠷᠬᠡ ᠶᠢᠨ ᠵᠥᠪᠰᠢᠶᠡᠷᠡᠯ ᠱᠠᠭᠠᠷᠳᠠᠭᠳᠠᠬᠤ ᠦᠭᠡᠢ ᠪᠠᠶᠢᠬᠤ ᠣᠨᠴᠠᠭᠠᠢ ᠨᠥᠬᠥᠴᠡᠯ ᠵᠡᠷᠭᠡ ᠶᠢ ᠨᠠᠷᠢᠪᠴᠢᠯᠠᠬᠤ ᠱᠠᠭᠠᠷᠳᠠᠯᠭ᠎ᠠ ᠲᠠᠢ ᠪᠣᠯᠵᠠᠢ᠃
ᠵᠠᠰᠠᠭ ᠤᠨ ᠭᠠᠵᠠᠷ ᠠᠴᠠ ᠵᠣᠬᠢᠶᠠᠭᠴᠢ ᠶᠢᠨ ᠡᠷᠬᠡ ᠪᠣᠯᠤᠨ ᠲᠡᠭᠦᠨ ᠳᠦ ᠬᠠᠮᠢᠶᠠᠷᠬᠤ ᠡᠷᠬᠡ ᠶᠢᠨ ᠲᠤᠬᠠᠢ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠪᠣᠯᠤᠨ ᠤᠭ ᠲᠥᠰᠥᠯ ᠲᠡᠢ ᠬᠣᠯᠪᠣᠭᠳᠠᠭᠤᠯᠤᠨ ᠪᠣᠯᠪᠠᠰᠤᠷᠠᠭᠤᠯᠤᠭᠰᠠᠨ ᠪᠤᠰᠤᠳ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠪᠡᠷ ᠪᠣᠯᠵᠠᠢ᠃

ᠰᠡᠳᠬᠢᠭᠳᠡᠯ ᠦᠯᠡᠳᠡᠭᠡᠬᠦ