ᠮᠣᠩᠭᠣᠯ ᠣᠷᠣᠰ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ  | News.MN

ᠮᠣᠩᠭᠣᠯ ᠣᠷᠣᠰ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ 

ᠭᠠᠳᠠᠭᠠᠳᠤ ᠬᠠᠷᠢᠯᠴᠠᠭᠠᠨ ᠤ ᠶᠠᠮᠤᠨ ᠤ ᠳᠡᠳ᠋ ᠰᠠᠶᠢᠳ ᠪ∙ᠪᠠᠲᠤᠴᠡᠴᠡᠭ ᠮᠣᠰᠺᠸᠠ ᠬᠤᠲᠠ ᠳᠤ ᠲᠤᠰ ᠤᠯᠤᠰ ᠤᠨ ᠭᠠᠳᠠᠭᠠᠳᠤ ᠬᠡᠷᠡᠭ ᠦᠨ ᠣᠷᠣᠯᠠᠭᠴᠢ ᠰᠠᠶᠢᠳ ᠢ᠊∙ᠸ∙ᠮᠤᠷᠭᠤᠯᠤᠪ ᠲᠠᠢ ᠡᠨᠡ ᠰᠠᠷ᠎ᠠ ᠶᠢᠨ 22 ᠍ ᠳᠦ ᠠᠭᠤᠯᠵᠠᠪᠠ᠃
ᠠᠭᠤᠯᠵᠠᠯᠲᠠ ᠶᠢᠨ ᠦᠶ᠎ᠡ ᠪᠡᠷ ᠬᠣᠶᠠᠷ ᠤᠯᠤᠰ ᠤᠨ ᠤᠯᠤᠰ ᠲᠥᠷᠥ᠂ ᠬᠤᠳᠠᠯᠳᠤᠭ᠎ᠠ᠂ ᠡᠳ᠋  ᠦᠨ ᠵᠠᠰᠠᠭ᠂ ᠣᠯᠠᠨ ᠲᠠᠯᠠᠲᠤ ᠬᠠᠮᠲᠤ ᠶᠢᠨ ᠠᠵᠢᠯᠯᠠᠭᠠᠨ ᠤ ᠥᠷᠭᠡᠨ ᠬᠦᠷᠢᠶᠡᠨ ᠦ ᠠᠰᠠᠭᠤᠳᠠᠯ ᠢᠶᠠᠷ᠂ ᠲᠡᠭᠦᠨ ᠦ ᠳᠣᠲᠣᠷ᠎ᠠ ᠣᠶᠢᠷ᠎ᠠ ᠶᠢᠨ ᠬᠤᠭᠤᠴᠠᠭᠠᠨ ᠳᠤ ᠬᠡᠷᠡᠭᠵᠢᠭᠦᠯᠬᠦ ᠪᠡᠷ ᠲᠥᠯᠥᠪᠯᠡᠵᠦ ᠪᠤᠢ ᠥᠨᠳᠥᠷ᠂ ᠳᠡᠭᠡᠳᠦ ᠬᠡᠮᠵᠢᠶᠡᠨ ᠦ ᠠᠶᠢᠯᠴᠢᠯᠠᠯ ᠤᠨ ᠠᠭᠤᠯᠭ᠎ᠠ᠂ ᠬᠥᠲᠥᠯᠪᠦᠷᠢ ᠪᠣᠯᠤᠨ ᠪᠠᠶᠢᠭᠤᠯᠬᠤ ᠪᠠᠷᠢᠮᠲᠠ ᠪᠢᠴᠢᠭ ᠦᠨ ᠲᠠᠯ᠎ᠠ ᠪᠠᠷ ᠰᠠᠨᠠᠯ ᠰᠤᠯᠢᠯᠴᠠᠪᠠ᠃ ᠲᠤᠬᠠᠶᠢᠯᠠᠪᠠᠯ᠂ ᠪ∙ᠪᠠᠲᠤᠴᠡᠴᠡᠭ ᠮᠣᠩᠭᠣᠯ ᠤᠯᠤᠰ᠂ ᠡᠸᠦ᠋ᠷᠤᠫᠠ ᠠᠽᠢ ᠶᠢᠨ ᠡᠳ᠋ ᠦᠨ ᠵᠠᠰᠠᠭ ᠤᠨ ᠬᠣᠯᠪᠣᠭ᠎ᠠ ᠬᠣᠭᠣᠷᠣᠨᠳᠣ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠶᠢᠭᠤᠯᠬᠤ᠂  ︽ᠤᠯᠠᠭᠠᠨᠪᠠᠭᠠᠲᠤᠷ ᠤᠨ ᠲᠡᠮᠦᠷ ᠵᠠᠮ ︾ ᠨᠡᠶᠢᠭᠡᠮᠯᠢᠭ ᠦᠨ ᠬᠥᠭᠵᠢᠯ᠂ ᠰᠢᠨᠡᠴᠢᠯᠡᠯ ᠦᠨ ᠲᠥᠯᠦᠪᠯᠡᠭᠡᠨ ᠦ ᠬᠦᠷᠢᠶᠡᠨ ᠳᠦ ᠬᠢᠬᠦ ᠠᠵᠢᠯ ᠤᠨ ᠲᠠᠯ᠎ᠠ ᠪᠠᠷ ᠪᠣᠯᠤᠨ ᠮᠣᠩᠭᠣᠯ ᠤᠯᠤᠰ ᠤᠨ ᠡᠷᠴᠢᠮ ᠬᠦᠴᠦᠨ ᠦ ᠰᠠᠯᠪᠤᠷᠢ ᠳᠤ ᠬᠠᠮᠲᠤᠷᠠᠨ ᠠᠵᠢᠯᠯᠠᠬᠤ ᠠᠰᠠᠭᠤᠳᠠᠯ ᠢ ᠬᠥᠨᠳᠡᠭᠰᠡᠨ᠃

ᠰᠡᠳᠬᠢᠭᠳᠡᠯ ᠦᠯᠡᠳᠡᠭᠡᠬᠦ