ᠷ᠂ ᠴᠤᠶᠢᠨᠤᠮ ᠤᠨ ᠨᠡᠷᠡᠮᠵᠢᠲᠦ ᠴᠡᠴᠡᠷᠯᠢᠭᠲᠦ ᠬᠦᠷᠢᠶᠡᠯᠡᠩ ᠲᠡᠢ ᠪᠣᠯᠤᠯ᠎ᠠ  | News.MN

ᠷ᠂ ᠴᠤᠶᠢᠨᠤᠮ ᠤᠨ ᠨᠡᠷᠡᠮᠵᠢᠲᠦ ᠴᠡᠴᠡᠷᠯᠢᠭᠲᠦ ᠬᠦᠷᠢᠶᠡᠯᠡᠩ ᠲᠡᠢ ᠪᠣᠯᠤᠯ᠎ᠠ 

ᠬᠡᠨᠲᠡᠢ ᠠᠶᠢᠮᠠᠭ ᠤᠨ ᠬᠡᠷᠦᠯᠦᠨ ᠰᠤᠮᠤ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ ᠬᠤᠷᠠᠯ ᠢᠶᠠᠷ ᠬᠡᠷᠦᠯᠦᠨ ᠰᠤᠮᠤ ᠪᠤᠶᠤ ᠴᠢᠩᠭᠢᠰ ᠬᠣᠲᠠ ᠶᠢᠨ ᠭᠤᠷᠪᠠᠳᠤᠭᠠᠷ ᠪᠠᠭ ᠲᠤ ᠪᠠᠶᠢᠷᠢᠯᠠᠳᠠᠭ ᠴᠡᠴᠡᠷᠯᠢᠭᠲᠦ ᠬᠦᠷᠢᠶᠡᠯᠡᠩ ᠢ ᠲᠥᠷᠥ ᠶᠢᠨ ᠰᠤᠶᠤᠷᠬᠠᠯᠲᠤ ᠢᠷᠠᠭᠤ ᠨᠠᠶᠢᠷᠠᠭᠴᠢ ᠷᠢᠨᠴᠢᠨ ᠦ  ᠴᠤᠶᠢᠨᠤᠮ ᠤᠨ ᠨᠡᠷᠡᠮᠵᠢᠲᠦ ᠪᠣᠯᠭᠠᠬᠤ ᠰᠢᠢᠳᠪᠦᠷᠢ ᠶᠢ ᠭᠠᠷᠭᠠᠯ᠎ᠠ᠃
︽ᠪᠠᠶᠠᠨ ᠡᠷᠦᠳᠡᠰᠦ︾ ᠶᠢᠨ ᠪᠠᠷᠠᠭᠤᠨ ᠲᠠᠯ᠎ᠠ ᠳᠤ ᠪᠠᠶᠢᠷᠢᠯᠠᠬᠤ ᠤᠭ ᠴᠡᠴᠡᠷᠯᠢᠭᠲᠦ ᠬᠦᠷᠢᠶᠡᠯᠡᠩ ᠳᠦ ︽ᠬᠡᠷᠦᠯᠦᠨ ᠦ ᠴᠡᠩᠬᠡᠷ ᠠᠯᠤᠰ︾ ᠲᠥᠷᠥ ᠶᠢᠨ ᠪᠤᠰᠤ ᠪᠠᠶᠢᠭᠤᠯᠤᠯᠭ᠎ᠠ ᠠᠴᠠ ᠢᠷᠠᠭᠤ ᠨᠠᠶᠢᠷᠠᠭᠴᠢ ᠶᠢᠨ ᠤᠷᠠᠨ ᠪᠦᠲᠦᠭᠡᠯ ᠢ ᠮᠥᠩᠬᠡᠯᠡᠭᠰᠡᠨ ᠭᠠᠨᠲᠢᠭ ᠴᠢᠯᠠᠭᠤᠨ ᠬᠥᠰᠢᠶ᠎ᠡ ᠶᠢ ᠪᠠᠶᠢᠷᠢᠯᠠᠭᠤᠯᠵᠤ᠂ 2018 ᠣᠨ ᠳᠤ ᠲᠤᠰ ᠰᠤᠮᠤ ᠶᠢᠨ ᠵᠠᠰᠠᠭ ᠳᠠᠷᠤᠭ᠎ᠠ ᠶᠢᠨ ᠰᠢᠢᠳᠪᠦᠷᠢ ᠪᠡᠷ ᠲᠣᠬᠢᠵᠢᠯᠲᠠ ᠭᠡᠷᠡᠯᠲᠦᠭᠦᠯᠭᠡ ᠶᠢ ᠬᠢᠵᠦ᠂ 2019 ᠣᠨ ᠳᠤ ᠢᠷᠠᠭᠤ ᠨᠠᠶᠢᠷᠠᠭᠴᠢ ᠶᠢᠨ ᠬᠥᠰᠢᠶ᠎ᠡ ᠶᠢ ᠪᠦᠲᠦᠭᠡᠨ ᠪᠠᠶᠢᠷᠢᠯᠠᠭᠤᠯᠤᠭᠰᠠᠨ ᠢᠶᠠᠷ ᠬᠡᠦᠬᠡᠳ ᠵᠠᠯᠠᠭᠤᠴᠤᠳ ᠤᠨ ᠢᠷᠡᠬᠦ ᠳᠤᠷᠠᠲᠠᠢ ᠭᠠᠵᠠᠷ ᠤᠨ ᠨᠢᠭᠡ ᠪᠣᠯᠤᠭᠰᠠᠨ ᠪᠠᠶᠢᠨ᠎ᠠ᠃ ᠮᠥᠨ ᠲᠤᠰ ᠴᠡᠴᠡᠷᠯᠢᠭᠲᠦ ᠬᠦᠷᠢᠶᠡᠯᠡᠩ ᠳᠦ ᠬᠡᠨᠲᠡᠢ ᠠᠶᠢᠮᠠᠭ ᠤᠨ ᠲᠥᠪ ᠨᠣᠮ ᠤᠨ ᠰᠠᠩ ᠠᠴᠠ ᠨᠣᠮ ᠰᠤᠯᠢᠯᠴᠠᠬᠤ ᠴᠡᠭ ᠢ ᠨᠡᠭᠡᠭᠡᠵᠦ ᠠᠵᠢᠯᠯᠠᠭᠤᠯᠤᠭᠰᠠᠨ ᠨᠢ ᠰᠢᠨᠡᠯᠢᠭ ᠦᠢᠯᠡ ᠠᠵᠢᠯᠯᠠᠭ᠎ᠠ ᠪᠣᠯᠵᠠᠢ᠃

ᠰᠡᠳᠬᠢᠭᠳᠡᠯ ᠦᠯᠡᠳᠡᠭᠡᠬᠦ