ᠣᠷᠣᠰ ᠤᠨ ᠲᠥᠷᠥ ᠶᠢᠨ ᠳ᠋ᠤᠮᠠ ᠳᠡᠯᠡᠬᠡᠢ ᠶᠢᠨ ᠫᠠᠷᠯᠠᠮᠧᠨᠲ ᠤᠨ ᠭᠡᠰᠢᠭᠦᠳ ᠢ ᠬᠠᠮᠤᠷᠤᠭᠤᠯᠤᠨ ᠵᠢᠯ ᠪᠦᠷᠢ ᠰᠢᠲᠠᠷ᠎ᠠ ᠶᠢᠨ ᠨᠥᠬᠥᠷᠰᠡᠭ ᠲᠡᠮᠡᠴᠡᠭᠡᠨ ᠠᠭᠤᠯᠵᠠᠯᠲᠠ ᠵᠣᠬᠢᠶᠠᠨ ᠪᠠᠶᠢᠭᠤᠯᠳᠠᠭ ᠤᠯᠠᠮᠵᠢᠯᠠᠯ ᠲᠠᠢ᠃ ᠡᠨᠡ ᠵᠢᠯ 10 ᠳ᠋ᠡᠬᠢ ᠤᠳᠠᠭ᠎ᠠ ᠪᠠᠨ ᠪᠣᠯᠤᠭᠰᠠᠨ ᠲᠤᠰ ᠲᠡᠮᠡᠴᠡᠭᠡᠨ ᠳᠦ ᠤᠯᠤᠰ ᠤᠨ ᠶᠡᠬᠡ ᠬᠤᠷᠠᠯ ᠦᠨ ᠭᠡᠰᠢᠭᠦᠨ ᠪ∙ᠫᠦᠷᠪᠦᠳᠣᠷᠵᠢ᠂ ᠪ∙ᠰᠠᠷᠠᠨᠴᠢᠮᠡᠭ ᠠᠮᠵᠢᠯᠲᠠᠲᠠᠢ ᠣᠷᠣᠯᠴᠠᠭᠠᠳ ᠢᠷᠡᠵᠡᠢ᠃ ᠳᠡᠯᠡᠬᠡᠢ ᠶᠢᠨ 100 ᠣᠷᠴᠢᠮ ᠫᠠᠷᠯᠠᠮᠧᠨᠲ ᠤᠨ ᠭᠡᠰᠢᠭᠦᠨ ᠣᠷᠣᠯᠴᠠᠭᠰᠠᠨ ᠲᠡᠮᠡᠴᠡᠭᠡᠨ ᠡᠴᠡ ᠤᠯᠤᠰ ᠤᠨ ᠶᠡᠬᠡ ᠬᠤᠷᠠᠯ ᠤᠨ ᠭᠡᠰᠢᠭᠦᠨ ᠪ∙ᠫᠦᠷᠪᠦᠳᠣᠷᠵᠢ ᠡᠷᠡᠭᠲᠡᠢ ᠠᠩᠭᠢᠯᠠᠯ ᠳᠤ ᠪᠠᠨ ᠱᠠᠩᠨᠠᠯᠲᠤ ᠲᠠᠪᠤᠳᠤᠭᠠᠷ ᠪᠠᠶᠢᠷᠢ ᠡᠵᠡᠯᠡᠵᠦ᠂ ᠤᠷᠠᠨ ᠨᠡᠭᠦᠳᠡᠯ ᠢᠶᠡᠷ ᠢᠶᠡᠨ ᠤᠯᠤᠰ ᠤᠨ ᠢᠶᠠᠨ ᠨᠡᠷ᠎ᠡ ᠶᠢ ᠭᠠᠷᠭᠠᠭᠰᠠᠨ ᠪᠠᠶᠢᠨ᠎ᠠ᠃ ᠮᠥᠨ ᠪ∙ᠰᠠᠷᠠᠨᠴᠢᠮᠡᠭ ᠡᠮᠡᠭᠲᠡᠢ ᠫᠠᠷᠯᠠᠮᠸᠨᠲᠴᠢᠳ ᠢᠶᠠᠨ ᠲᠡᠷᠢᠭᠦᠯᠡᠵᠦ᠂ ᠡᠷᠡᠭᠲᠡᠢ ᠰᠢᠲᠠᠷᠠᠴᠢᠳ ᠲᠠᠢ ᠥᠷᠢᠰᠦᠯᠳᠦᠨ 11 ᠳ᠋ᠤᠭᠡᠷ ᠪᠠᠶᠢᠷᠢ ᠡᠵᠡᠯᠡᠵᠡᠢ᠃ ᠤᠭ ᠲᠡᠮᠡᠴᠡᠭᠡᠨ ᠳᠦ ᠰᠢᠲᠠᠷ᠎ᠠ ᠶᠢᠨ ᠣᠯᠠᠨ ᠤᠳᠠᠭ᠎ᠠ ᠶᠢᠨ ᠳᠡᠯᠡᠬᠡᠢ ᠶᠢᠨ ᠠᠪᠤᠷᠭᠤ᠂ ᠶᠡᠬᠡ ᠮᠠᠰᠲ᠋ᠸᠷ᠂ ᠣᠷᠣᠰ ᠤᠨ ᠲᠥᠷᠥ ᠶᠢᠨ ᠳ᠋ᠤᠮᠠ ᠶᠢᠨ ᠭᠡᠰᠢᠭᠦᠨ ᠠ᠊∙ᠺᠠᠷᠫᠣᠪ ᠨᠠᠷ ᠤᠨ ᠥᠨᠳᠥᠷ ᠴᠣᠯᠠ ᠲᠠᠢ ᠮᠡᠷᠭᠡᠵᠢᠯ ᠦᠨ ᠣᠯᠠᠨ ᠰᠢᠲᠠᠷᠠᠴᠢᠨ ᠣᠷᠣᠯᠴᠠᠭᠰᠠᠨ ᠪᠠᠶᠢᠨ᠎ᠠ ᠃
ᠪ∙ᠰᠠᠷᠠᠨᠴᠢᠮᠠᠭ᠌ ᠤᠯᠤᠰ ᠤᠨ ᠶᠡᠬᠡ ᠬᠤᠷᠠᠯ ᠳ᠋ᠡᠬᠢ ᠰᠢᠲᠠᠷ᠎ᠠ ᠶᠢᠨ ᠰᠫᠣᠷᠲ ᠢ ᠳᠡᠮᠵᠢᠬᠦ ᠪᠦᠯᠦᠭ ᠦᠨ ᠭᠡᠰᠢᠭᠦᠨ ᠢᠶᠡᠷ ᠠᠵᠢᠯᠯᠠᠳᠠᠭ᠃ ᠬᠠᠷᠢᠨ ᠪ∙ᠫᠦᠷᠪᠦᠳᠣᠷᠵᠢ ᠰᠢᠲᠠᠷ᠎ᠠ ᠰᠣᠨᠢᠷᠬᠠᠭᠴᠢᠳ ᠤᠨ ᠤᠯᠤᠰ ᠤᠨ ᠠᠪᠤᠷᠭᠤ ᠰᠢᠯᠭᠠᠷᠠᠭᠤᠯᠬᠤ ᠵᠢᠷᠭᠤᠭᠠᠳᠠᠬᠢ ᠤᠳᠠᠭ᠎ᠠ ᠶᠢᠨ ᠲᠡᠮᠡᠴᠡᠭᠡᠨ ᠳᠦ ᠲᠦᠷᠦᠭᠦᠯᠡᠵᠦ᠂ ︽ᠤᠶᠤᠨᠯᠢᠭ ᠲᠦᠰᠢᠶ᠎ᠡ︾ ᠍ ᠪᠡᠷ ᠰᠢᠯᠭᠠᠷᠠᠵᠤ ᠪᠠᠶᠢᠭᠰᠠᠨ ᠤᠳᠠᠭ᠎ᠠ ᠲᠠᠢ᠃