ᠠᠷᠠᠳᠴᠢᠯᠠᠭᠰᠠᠨ ᠣᠷᠣᠨ  ‍ᠣ ᠨᠡᠶᠢᠭᠡᠮᠯᠢᠭ ᠦᠨ ᠬᠢᠨ  ᠲᠠᠢ ᠠᠭᠤᠯᠵᠠᠪᠠ  | News.MN

ᠠᠷᠠᠳᠴᠢᠯᠠᠭᠰᠠᠨ ᠣᠷᠣᠨ  ‍ᠣ ᠨᠡᠶᠢᠭᠡᠮᠯᠢᠭ ᠦᠨ ᠬᠢᠨ  ᠲᠠᠢ ᠠᠭᠤᠯᠵᠠᠪᠠ 

ᠤᠯᠤᠰ ᠤᠨ ᠶᠡᠬᠡ ᠬᠤᠷᠠᠯ ᠤᠨ ᠭᠡᠰᠢᠭᠦᠨ ᠯ∙ᠪᠣᠯᠣᠳ᠂ ᠤᠯᠤᠰ ᠤᠨ ᠶᠡᠬᠡ ᠬᠤᠷᠠᠯ ᠶᠢᠨ ᠭᠡᠰᠢᠭᠦᠨ ᠨ∙ᠣᠶᠤᠨᠳᠠᠷᠢ ᠨᠠᠷ ᠠᠷᠠᠳᠴᠢᠯᠠᠭᠰᠠᠨ ᠣᠷᠣᠨ ᠨᠤᠭᠤᠳ ᠤᠨ ᠬᠠᠮᠲᠤ ᠶᠢᠨ ᠨᠡᠶᠢᠭᠡᠮᠯᠢᠭ ᠦᠨ ᠲᠥᠯᠥᠭᠡᠯᠡᠯ ᠢ ᠲᠥᠷᠥ ᠶᠢᠨ ᠣᠷᠳᠣᠨ ᠳᠤ ᠥᠨᠥᠳᠥᠷ ᠬᠦᠯᠢᠶᠡᠨ ᠠᠪᠴᠤ ᠠᠭᠤᠯᠵᠠᠯ᠎ᠠ᠃ ᠮᠣᠩᠭᠣᠯ ᠤᠯᠤᠰ ᠲᠤ ᠠᠷᠠᠳᠴᠢᠯᠠᠭᠰᠠᠨ ᠬᠤᠪᠢᠰᠬᠠᠯ ᠥᠷᠨᠢᠭᠰᠡᠨ ᠦ 30 ᠵᠢᠯ ᠦᠨ ᠣᠢ ᠢᠷᠡᠬᠦ ᠣᠨ ᠳᠤ ᠲᠣᠬᠢᠶᠠᠨ᠎ᠠ᠃ ᠮᠥᠨ ᠠᠷᠠᠳᠴᠢᠯᠠᠭᠰᠠᠨ ᠣᠷᠣᠨ ᠨᠤᠭᠤᠳ ᠤᠨ ᠬᠠᠮᠲᠤ ᠶᠢᠨ ᠨᠡᠶᠢᠭᠡᠮᠯᠢᠭ ᠦᠨ 20 ᠵᠢᠯ ᠦᠨ ᠣᠢ ᠢᠷᠡᠬᠦ ᠣᠨ ᠳᠤ ᠲᠣᠬᠢᠶᠠᠬᠤ ᠲᠤᠯᠠ ᠬᠣᠶᠠᠷ ᠣᠢ ᠶᠢ ᠬᠠᠮᠲᠤ ᠲᠡᠮᠳᠡᠭᠯᠡᠬᠦ ᠰᠠᠨᠠᠯ ᠢᠶᠠᠨ ᠤᠯᠤᠰ ᠤᠨ ᠶᠡᠬᠡ ᠬᠤᠷᠠᠯ ᠤᠨ ᠭᠡᠰᠢᠭᠦᠨ ᠯ∙ᠪᠣᠯᠣᠳ ᠬᠡᠯᠡᠯ᠎ᠡ᠃ ᠮᠥᠨ ᠲᠡᠷᠡᠪᠡᠷ ᠮᠣᠩᠭᠣᠯ ᠤᠯᠤᠰ ᠠᠷᠠᠳᠴᠢᠯᠠᠯ ᠤᠨ ᠪᠣᠯᠪᠠᠰᠤᠷᠠᠯ ᠢ ᠬᠥᠭᠵᠢᠭᠦᠯᠬᠦ᠂ ᠢᠷᠭᠡᠨ ᠦ ᠨᠡᠶᠢᠭᠡᠮ ᠤᠨ ᠪᠠᠶᠢᠭᠤᠯᠤᠯᠭ᠎ᠠ ᠨᠤᠭᠤᠳ ᠤᠨ ᠲᠥᠯᠦᠪᠰᠢᠯ ᠢ ᠳᠡᠮᠵᠢᠬᠦ᠂ ᠠᠷᠠᠳᠴᠢᠯᠠᠭᠰᠠᠨ ᠣᠷᠣᠨ ᠨᠤᠭᠤᠳ ᠤᠨ ᠬᠠᠮᠲᠤ ᠶᠢᠨ ᠨᠡᠶᠢᠭᠡᠮᠯᠢᠭ ᠦᠨ ᠪᠥᠰᠡ ᠨᠤᠲᠤᠭ ᠤᠨ ᠦᠢᠯᠡ ᠠᠵᠢᠯᠯᠠᠭ᠎ᠠ ᠶᠢ ᠪᠡᠬᠢᠵᠢᠭᠦᠯᠬᠦ᠂ ᠪᠤᠰᠤᠳ ᠤᠯᠤᠰ ᠣᠷᠣᠨ ᠲᠠᠢ ᠬᠠᠮᠲᠤᠷᠠᠨ ᠠᠵᠢᠯᠯᠠᠬᠤ᠂ ᠲᠤᠷᠰᠢᠯᠭ᠎ᠠ ᠰᠣᠯᠢᠯᠴᠠᠬᠤ ᠳᠤ ᠲᠡᠷᠢᠭᠦᠯᠡᠬᠦ ᠠᠴᠢ ᠬᠣᠯᠪᠣᠭᠳᠠᠯ ᠥᠭᠴᠦ ᠪᠠᠶᠢᠭ᠎ᠠ ᠶᠢ ᠣᠨᠴᠠᠯᠠᠨ ᠳᠤᠷᠠᠳᠪᠠ᠃
ᠠᠷᠠᠳᠴᠢᠯᠠᠭᠰᠠᠨ ᠣᠷᠣᠨ ᠨᠤᠭᠤᠳ ᠤᠨ ᠬᠠᠮᠲᠤ ᠶᠢᠨ ᠨᠡᠶᠢᠭᠡᠮᠯᠢᠭ ᠨᠢ ᠠᠷᠠᠳᠴᠢᠯᠠᠯ ᠢ ᠳᠡᠮᠵᠢᠬᠦ᠂ ᠠᠷᠠᠳᠴᠢᠯᠠᠯ ᠤᠨ ᠬᠡᠮ ᠬᠡᠮᠵᠢᠶ᠎ᠡ᠂ ᠢᠨᠰᠲ᠋ᠢᠲ᠋ᠤᠼ ᠢ ᠬᠥᠭᠵᠢᠭᠦᠯᠦᠨ ᠪᠡᠬᠢᠵᠢᠭᠦᠯᠬᠦ ᠳᠦ ᠤᠯᠤᠰ ᠣᠷᠣᠨ ᠨᠤᠭᠤᠳ ᠤᠨ ᠨᠢᠭᠡᠳᠦᠮᠡᠯ ᠪᠠᠶᠢᠷᠢ ᠰᠠᠭᠤᠷᠢ ᠶᠢ ᠪᠠᠲᠤᠯᠠᠭᠠᠵᠢᠭᠤᠯᠬᠤ ᠵᠣᠷᠢᠯᠭ᠎ᠠ ᠪᠦᠬᠦᠢ ᠵᠠᠰᠠᠭ ᠤᠨ ᠭᠠᠵᠠᠷ ᠬᠣᠭᠣᠷᠣᠨᠳᠣ ᠶᠢᠨ ᠪᠠᠶᠢᠭᠤᠯᠤᠯᠭ᠎ᠠ ᠶᠤᠮ᠃

ᠰᠡᠳᠬᠢᠭᠳᠡᠯ ᠦᠯᠡᠳᠡᠭᠡᠬᠦ