ᠡᠳ᠋ ᠦᠨ ᠵᠠᠰᠠᠭ ᠤᠨ ᠺᠣᠷᠢᠳᠣᠷ ᠢ ᠬᠥᠭᠵᠢᠭᠦᠯᠬᠦ ᠠᠰᠠᠭᠤᠳᠠᠯ ᠢ ᠬᠡᠯᠡᠯᠴᠡᠨ᠎ᠡ  | News.MN

ᠡᠳ᠋ ᠦᠨ ᠵᠠᠰᠠᠭ ᠤᠨ ᠺᠣᠷᠢᠳᠣᠷ ᠢ ᠬᠥᠭᠵᠢᠭᠦᠯᠬᠦ ᠠᠰᠠᠭᠤᠳᠠᠯ ᠢ ᠬᠡᠯᠡᠯᠴᠡᠨ᠎ᠡ 

ᠮᠣᠩᠭᠣᠯ ᠤᠯᠤᠰ ᠤᠨ ᠵᠠᠰᠠᠭ ᠤᠨ ᠭᠠᠵᠠᠷ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠨᠡᠩ ᠪᠠᠭᠤᠷᠠᠢ ᠬᠥᠭᠵᠢᠯᠲᠡᠢ᠂ ᠳᠠᠯᠠᠢ ᠳᠤ ᠭᠠᠷᠴᠠ ᠦᠭᠡᠢ ᠬᠥᠭᠵᠢᠵᠦ ᠪᠤᠢ ᠪᠣᠯᠤᠨ ᠠᠷᠠᠯ ᠤᠨ ᠵᠢᠵᠢᠭ ᠣᠷᠣᠨ ᠨᠤᠭᠤᠳ ᠤᠨ ᠠᠰᠠᠭᠤᠳᠠᠯ ᠡᠷᠬᠢᠯᠡᠭᠰᠡᠨ ᠳᠡᠭᠡᠳᠦ ᠲᠥᠯᠥᠭᠡᠯᠡᠭᠴᠢ ᠶᠢᠨ ᠭᠠᠵᠠᠷ ᠲᠠᠢ ᠬᠠᠮᠲᠤᠷᠠᠨ ︽ᠳᠠᠯᠠᠢ ᠳᠤ ᠭᠠᠷᠴᠠ ᠦᠭᠡᠢ ᠬᠥᠭᠵᠢᠵᠦ ᠪᠤᠢ ᠣᠷᠣᠨ ᠨᠤᠭᠤᠳ ᠪᠣᠯᠤᠨ ᠲᠷᠠᠨᠽᠢᠲ ᠣᠷᠣᠨ ᠨᠤᠭᠤᠳ ᠲᠤ ᠡᠳ᠋  ᠦᠨ ᠵᠠᠰᠠᠭ ᠤᠨ ᠺᠣᠷᠢᠳᠣᠷ ᠢ ᠬᠥᠭᠵᠢᠭᠦᠯᠬᠦ ᠰᠠᠶᠢᠨ ᠲᠤᠷᠰᠢᠯᠭ᠎ᠠ ᠶᠢ ᠨᠡᠪᠲᠡᠷᠡᠭᠦᠯᠬᠦ︾ ᠠᠰᠠᠭᠤᠳᠠᠯ ᠤᠨ ᠣᠯᠠᠨ ᠤᠯᠤᠰ ᠤᠨ ᠬᠤᠷᠠᠯ ᠢ ᠤᠯᠠᠭᠠᠨᠪᠠᠭᠠᠲᠤᠷ ᠬᠤᠲᠠ ᠳᠤ ᠠᠷᠪᠠᠳᠤᠭᠠᠷ ᠰᠠᠷ᠎ᠠ ᠶᠢᠨ 29-30 ᠤ ᠡᠳᠦᠷ ᠦᠳ ᠲᠦ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠮᠠᠨ ᠤ ᠤᠯᠤᠰ ᠤᠨ ᠬᠤᠪᠢ ᠳᠤ ᠠᠴᠢ ᠬᠣᠯᠪᠣᠭᠳᠠᠯ ᠪᠦᠬᠦᠢ ᠡᠨᠡᠬᠦ ᠴᠢᠬᠤᠯᠠ ᠣᠯᠠᠨ ᠤᠯᠤᠰ ᠤᠨ ᠬᠤᠷᠠᠯ ᠢ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠵᠣᠬᠢᠶᠠᠨ ᠪᠠᠶᠢᠭᠤᠯᠬᠤ ᠪᠥᠭᠡᠳ ᠭᠠᠳᠠᠭᠠᠳᠤ ᠶᠢᠨ 30 ᠭᠠᠷᠤᠢ ᠤᠯᠤᠰ ᠤᠨ ᠵᠠᠰᠠᠭ ᠤᠨ ᠭᠠᠵᠠᠷ ᠤᠨ ᠠᠬᠠᠯᠠᠬᠤ ᠠᠯᠪᠠᠨ ᠲᠤᠰᠢᠶᠠᠯᠲᠠᠳ᠂10 ᠭᠠᠷᠤᠢ ᠣᠯᠠᠨ ᠤᠯᠤᠰ ᠤᠨ ᠪᠠᠶᠢᠭᠤᠯᠤᠯᠭ᠎ᠠ ᠶᠢᠨ ᠲᠥᠯᠥᠭᠡᠯᠡᠭᠴᠢᠳ ᠪᠣᠯᠤᠨ ᠮᠠᠨ ᠤ ᠲᠥᠷᠥ ᠵᠠᠰᠠᠭ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠪᠦᠬᠦᠢ ᠨᠡᠶᠢᠲᠡ 100 ᠣᠷᠴᠢᠮ ᠲᠥᠯᠥᠭᠡᠯᠡᠭᠴᠢ ᠣᠷᠣᠯᠴᠠᠨ᠎ᠠ᠃
ᠳᠠᠯᠠᠢ ᠳᠤ ᠭᠠᠷᠴᠠ ᠦᠭᠡᠢ ᠬᠥᠭᠵᠢᠵᠦ ᠪᠤᠢ ᠪᠣᠯᠤᠨ ᠲᠷᠠᠨᠽᠢᠲ ᠣᠷᠣᠨ ᠨᠤᠭᠤᠳ ᠤᠨ ᠵᠠᠰᠠᠭ ᠤᠨ ᠭᠠᠵᠠᠷ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠦᠳ ᠨᠢᠭᠡ ᠳᠣᠣᠷ᠎ᠠ ᠴᠢᠭᠤᠯᠵᠤ᠂ ᠲᠷᠠᠨᠽᠢᠲ ᠲᠡᠭᠡᠭᠡᠪᠦᠷᠢ ᠶᠢᠨ ᠺᠣᠷᠢᠳᠣᠷ ᠤᠳ ᠤᠨ ᠥᠨᠥ ᠶᠢᠨ ᠪᠠᠶᠢᠳᠠᠯ ᠳᠤ ᠳ᠋ᠦᠩ ᠰᠢᠨᠵᠢᠯᠡᠭᠡᠨ ᠬᠢᠵᠦ᠂ ᠰᠠᠶᠢᠨ ᠲᠤᠷᠰᠢᠯᠭ᠎ᠠ᠂ ᠵᠠᠭᠪᠤᠷ ᠢ ᠳᠠᠯᠠᠢ ᠳᠤ ᠭᠠᠷᠴᠠ ᠦᠭᠡᠢ ᠬᠥᠭᠵᠢᠵᠦ ᠪᠤᠢ ᠪᠣᠯᠤᠨ ᠲᠷᠠᠨᠽᠢᠲ ᠣᠷᠣᠨ ᠨᠤᠭᠤᠳ ᠲᠤ ᠬᠤᠪᠢᠶᠠᠯᠴᠠᠬᠤ᠂ ᠡᠳ᠋ ᠦᠨ ᠵᠠᠰᠠᠭ ᠤᠨ ᠺᠣᠷᠢᠳᠣᠷ ᠤᠨ ᠤᠳᠤᠷᠢᠳᠤᠯᠭ᠎ᠠ ᠶᠢᠨ ᠲᠠᠯ᠎ᠠ ᠪᠠᠷ ᠬᠡᠯᠡᠯᠴᠡᠭᠦᠯᠭᠡ ᠥᠷᠨᠢᠭᠦᠯᠬᠦ᠂ ᠴᠢᠨᠠᠭᠰᠢᠳᠠ ᠠᠩᠬᠠᠷᠬᠤ ᠠᠰᠠᠭᠤᠳᠠᠯ ᠤᠳ ᠢᠶᠠᠷ ᠵᠥᠪᠯᠡᠮᠵᠢ ᠨᠦᠭᠦᠳ ᠢ ᠭᠠᠷᠭᠠᠬᠤ ᠳᠤ ᠡᠨᠡᠬᠦ ᠣᠯᠠᠨ ᠤᠯᠤᠰ ᠤᠨ ᠬᠤᠷᠠᠯ ᠤᠨ ᠵᠣᠷᠢᠯᠭ᠎ᠠ ᠣᠷᠣᠰᠢᠨ᠎ᠠ ᠃

ᠰᠡᠳᠬᠢᠭᠳᠡᠯ ᠦᠯᠡᠳᠡᠭᠡᠬᠦ