ᠲᠤᠸᠠ ᠤᠯᠤᠰ ᠤᠨ ᠲᠡᠷᠢᠭᠦᠨ ᠲᠠᠢ ᠠᠭᠤᠯᠵᠠᠯ᠎ᠠ  | News.MN

ᠲᠤᠸᠠ ᠤᠯᠤᠰ ᠤᠨ ᠲᠡᠷᠢᠭᠦᠨ ᠲᠠᠢ ᠠᠭᠤᠯᠵᠠᠯ᠎ᠠ 

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠣᠷᠣᠰ ᠤᠨ ᠪᠦᠭᠦᠳᠡ ᠨᠠᠶᠢᠷᠠᠮᠳᠠᠬᠤ ᠲᠤᠸᠠ ᠤᠯᠤᠰ ᠤᠨ ᠲᠡᠷᠢᠭᠦᠨ ᠱᠣᠯᠪᠠᠨ ᠸᠠᠯᠧᠷᠸᠢᠴ ᠺᠠᠷᠠ ᠣᠣᠯ ᠲᠠᠢ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ᠂ ᠬ∙ᠪᠠᠲᠤᠲᠤᠯᠭ᠎ᠠ ᠲᠤᠸᠠ ᠤᠯᠤᠰ ᠤᠨ ᠲᠡᠷᠢᠭᠦᠨ ᠮᠣᠩᠭᠣᠯ ᠤᠯᠤᠰ ᠲᠤ ᠬᠦᠷᠦᠯᠴᠡᠨ ᠢᠷᠡᠵᠦ ᠂ ᠪᠥᠰᠡ ᠨᠤᠲᠤᠭ ᠤᠨ ᠨᠥᠬᠥᠴᠡᠯ ᠪᠠᠶᠢᠳᠠᠯ ᠲᠠᠢ ᠲᠠᠨᠢᠯᠴᠠᠵᠤ ᠪᠠᠶᠢᠭ᠎ᠠ ᠨᠢ ᠮᠣᠩᠭᠣᠯ᠂ ᠣᠷᠣᠰ ᠤᠨ ᠬᠢᠯᠢ ᠣᠷᠴᠢᠮ ᠤᠨ ᠪᠣᠯᠤᠨ ᠪᠥᠰᠡ ᠨᠤᠲᠤᠭ ᠬᠣᠭᠣᠷᠣᠨᠳᠣ ᠶᠢᠨ ᠬᠡᠯᠬᠢᠶ᠎ᠡ ᠬᠣᠯᠪᠣᠭ᠎ᠠ ᠶᠢ ᠤᠯᠠᠮ ᠪᠡᠬᠢᠵᠢᠭᠦᠯᠬᠦ᠂ ᠬᠣᠶᠠᠷ ᠣᠷᠣᠨ ᠤ ᠬᠠᠷᠢᠯᠴᠠᠭᠠᠨ ᠳᠤ ᠵᠢᠩᠲᠡᠢ ᠡᠭᠦᠷᠭᠡ ᠭᠦᠢᠴᠡᠳᠭᠡᠬᠦ ᠳᠦ ᠴᠢᠬᠤᠯᠠ ᠨᠥᠯᠥᠭᠡ ᠦᠵᠡᠭᠦᠯᠦᠨ᠎ᠡ ᠬᠡᠮᠡᠨ ᠣᠨᠴᠠᠯᠠᠨ ᠲᠡᠮᠳᠡᠭᠯᠡᠯ᠎ᠡ ᠃
ᠠᠭᠤᠯᠵᠠᠯᠲᠠ ᠪᠠᠷ ᠬᠥᠳᠡᠭᠡ᠂ ᠠᠵᠤ ᠠᠬᠤᠢ᠂ ᠰᠤᠶᠤᠯ᠂ ᠬᠦᠮᠦᠯᠢᠭ ᠦᠨ ᠰᠣᠯᠢᠯᠴᠠᠭ᠎ᠠ᠂ ᠢᠷᠭᠡᠳ ᠬᠣᠭᠣᠷᠣᠨᠳᠣ ᠶᠢᠨ ᠬᠠᠷᠢᠯᠴᠠᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ᠂ ᠠᠭᠠᠷ ᠤᠨ ᠲᠡᠭᠡᠭᠡᠪᠦᠷᠢ ᠵᠡᠷᠭᠡ ᠥᠷᠭᠡᠨ ᠰᠡᠳᠦᠪ ᠢᠶᠡᠷ ᠶᠠᠷᠢᠯᠴᠠᠭᠰᠠᠨ ᠪᠥᠭᠡᠳ ᠮᠣᠩᠭᠣᠯ ᠂ ᠣᠷᠣᠰ ᠂ ᠬᠢᠲᠠᠳ ᠤᠨ ᠡᠳ᠋ ᠍ ᠦᠨ ᠵᠠᠰᠠᠭ ᠤᠨ ᠺᠣᠷᠢᠳᠣᠷ ᠪᠠᠶᠢᠭᠤᠯᠬᠤ ᠬᠥᠲᠥᠯᠪᠦᠷᠢ ᠶᠢᠨ ᠬᠦᠷᠢᠶᠡᠨ ᠳᠦ ᠲᠤᠸᠠ ᠪᠣᠯᠤᠨ ᠮᠣᠩᠭᠣᠯ ᠤᠯᠤᠰ ᠰᠠᠨᠠᠭᠠᠴᠢᠯᠠᠭ᠎ᠠ ᠲᠠᠢ ᠠᠵᠢᠯᠯᠠᠬᠤ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠤᠯᠢᠯᠴᠠᠪᠠ᠃ ᠲᠤᠸᠠ ᠤᠯᠤᠰ ᠤᠨ ᠲᠡᠷᠢᠭᠦᠨ ᠱ∙ᠸ∙ᠺᠠᠷᠠ ᠣᠣᠯ ᠤᠨ ᠬᠡᠯᠡᠭᠰᠡᠨ ᠢᠶᠡᠷ ᠣᠷᠣᠰ ᠤᠨ ᠵᠠᠰᠠᠭ ᠤᠨ ᠭᠠᠵᠠᠷ ᠤᠨ ᠬᠡᠷᠡᠭᠵᠢᠭᠦᠯᠵᠦ ᠪᠤᠢ ᠲᠥᠰᠥᠯ ᠳᠤᠮᠳᠠ  ᠺᠢᠽᠢᠯ  ᠺᠤᠷᠠᠭᠢᠨᠤ᠋  ᠴᠢᠭᠯᠡᠯ ᠦᠨ ᠲᠡᠮᠦᠷ ᠵᠠᠮ ᠤᠨ ᠲᠥᠰᠥᠯ ᠪᠠᠭᠲᠠᠭᠰᠠᠨ ᠪᠥᠭᠡᠳ ᠡᠨᠡ ᠨᠢ ᠣᠷᠣᠰ ᠤᠨ ᠠᠯᠤᠰ ᠬᠢᠵᠠᠭᠠᠷ ᠲᠤᠸᠠ᠂ ᠮᠣᠩᠭᠣᠯ ᠤᠯᠤᠰ ᠤᠨ ᠪᠠᠷᠠᠭᠤᠨ ᠬᠢᠵᠠᠭᠠᠷ ᠢ ᠬᠥᠭᠵᠢᠭᠦᠯᠬᠦ ᠳᠦ ᠪᠣᠳᠠᠲᠠᠢ ᠬᠤᠪᠢ ᠨᠡᠮᠡᠷᠢ  ᠤᠷᠤᠭᠤᠯᠬᠤ ᠶᠤᠮ ᠃

ᠰᠡᠳᠬᠢᠭᠳᠡᠯ ᠦᠯᠡᠳᠡᠭᠡᠬᠦ