ᠮᠣᠩᠭᠣᠯ ᠤᠨ ᠬᠠᠤᠯᠢᠴᠢᠳ ᠤᠨ ᠬᠣᠯᠪᠣᠭᠠᠨ ᠤ ᠳᠥᠷᠪᠡᠳᠦᠭᠡᠷ ᠶᠡᠬᠡ ᠬᠤᠷᠠᠯ ᠥᠴᠥᠭᠡᠳᠦᠷ ᠤᠯᠠᠭᠠᠨᠪᠠᠭᠠᠲᠤᠷ ᠬᠤᠲᠠ ᠳᠤ ᠪᠣᠯᠵᠤ ᠂ 525 ᠲᠥᠯᠥᠭᠡᠯᠡᠭᠴᠢ ᠣᠷᠣᠯᠴᠠᠵᠠᠢ᠃ ᠶᠡᠬᠡ ᠬᠤᠷᠠᠯ ᠢᠶᠠᠷ ᠬᠣᠯᠪᠣᠭᠠᠨ ᠤ ᠶᠡᠷᠦᠩᠬᠡᠶᠢᠯᠡᠭᠴᠢ ᠶᠢ ᠰᠤᠩᠭᠤᠬᠤ᠂ ᠴᠢᠯᠦᠭᠡᠯᠡᠬᠦ ᠠᠰᠠᠭᠤᠳᠠᠯ ᠢ ᠬᠡᠯᠡᠯᠴᠡᠭᠰᠡᠨ ᠪᠥᠭᠡᠳ ᠢᠷᠡᠬᠦ ᠬᠣᠶᠠᠷ ᠵᠢᠯ ᠳᠦ ᠮᠣᠩᠭᠣᠯ ᠤᠨ ᠬᠠᠤᠯᠢᠴᠢᠳ ᠤᠨ ᠬᠣᠯᠪᠣᠭ᠎ᠠ ᠶᠢ ᠤᠳᠤᠷᠢᠳᠴᠤ ᠠᠵᠢᠯᠯᠠᠬᠤ ᠪᠠᠷ ᠨ∙ᠠᠷᠢᠭᠤᠨᠪᠤᠯᠤᠳ ᠂ ᠨ∙ ᠪᠠᠰᠠᠩᠵᠠᠪ᠂ ᠵ∙ᠪᠠᠲᠤᠵᠤᠷᠢᠭᠲᠤ ᠂ ᠪ∙ᠦᠨᠢᠮᠦ᠋ᠩᠬᠡ ᠨᠠᠷ ᠨᠡᠷ᠎ᠡ ᠪᠡᠨ ᠳᠡᠪᠰᠢᠭᠦᠯᠦᠭᠡᠳ ᠪᠠᠶᠢᠭᠰᠠᠨ ᠶᠤᠮ᠃ ᠪ∙ᠦᠨᠢᠮᠦ᠋ᠩᠬᠡ ᠨᠡᠷ᠎ᠡ ᠳᠡᠪᠰᠢᠭᠴᠢᠳ ᠡᠴᠡ ᠣᠯᠠᠩᠬᠢ ᠶᠢᠨ ᠰᠠᠨᠠᠯ ᠠᠪᠴᠤ ᠰᠢᠨ᠎ᠡ ᠤᠳᠤᠷᠢᠳᠤᠯᠭ᠎ᠠ ᠪᠠᠷ ᠰᠣᠩᠭᠣᠭᠳᠠᠭᠰᠠᠨ ᠪᠠᠶᠢᠨ᠎ᠠ᠃
ᠬᠠᠤᠯᠢᠴᠢ ᠶᠢᠨ ᠮᠡᠷᠭᠡᠵᠢᠯ ᠦᠨ ᠨᠡᠷ᠎ᠡ ᠬᠦᠨᠳᠦ᠂ ᠦᠢᠯᠡ ᠠᠵᠢᠯᠯᠠᠭ᠎ᠠ᠂ ᠬᠠᠷᠢᠭᠤᠴᠠᠯᠭ᠎ᠠ ᠶᠢᠨ ᠨᠢᠭᠡᠳᠦᠭᠰᠡᠨ ᠰᠲ᠋ᠠᠨᠳᠠᠷᠲ ᠲᠣᠭᠲᠠᠭᠠᠬᠤ᠂ ᠬᠠᠤᠯᠢᠴᠢᠳ ᠤᠨ ᠡᠷᠬᠡ ᠠᠰᠢᠭ ᠢ ᠬᠠᠮᠠᠭᠠᠯᠠᠬᠤ ᠵᠣᠷᠢᠯᠭ᠎ᠠ ᠪᠦᠬᠦᠢ ᠲᠤᠰ ᠬᠣᠯᠪᠣᠭᠠᠨ ᠤ ᠶᠡᠷᠦᠩᠬᠡᠶᠢᠯᠡᠭᠴᠢ ᠪᠡᠷ ᠥᠩᠭᠡᠷᠡᠭᠰᠡᠨ ᠬᠣᠶᠠᠷ ᠵᠢᠯ ᠦᠨ ᠬᠤᠭᠤᠴᠠᠭᠠᠨ ᠳᠤ ᠬᠠᠤᠯᠢᠴᠢ ᠵ∙ᠬᠤᠨᠠᠨ ᠠᠵᠢᠯᠯᠠᠵᠤ ᠪᠠᠶᠢᠭᠰᠠᠨ ᠶᠤᠮ᠃