ᠶᠡᠷᠦᠩᠬᠡᠢ ᠰᠠᠶᠢᠳ ᠡᠮᠴᠢ ᠨᠠᠷ ᠤᠨ ᠵᠢᠷᠭᠤᠳᠤᠭᠠᠷ ᠬᠤᠷᠠᠯ ᠳᠤ  ᠤᠷᠤᠯᠴᠠᠪᠠ  | News.MN

ᠶᠡᠷᠦᠩᠬᠡᠢ ᠰᠠᠶᠢᠳ ᠡᠮᠴᠢ ᠨᠠᠷ ᠤᠨ ᠵᠢᠷᠭᠤᠳᠤᠭᠠᠷ ᠬᠤᠷᠠᠯ ᠳᠤ  ᠤᠷᠤᠯᠴᠠᠪᠠ 

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠶᠢᠨ ᠢᠪᠡᠭᠡᠯ ᠳᠣᠣᠷ᠎ᠠ ᠮᠣᠩᠭᠣᠯ ᠤᠨ ᠡᠮᠴᠢ ᠨᠠᠷ ᠤᠨ  ᠵᠢᠷᠭᠤᠳᠤᠭᠠᠷ ᠶᠡᠬᠡ ᠬᠤᠷᠠᠯ ︽ᠡᠷᠡᠭᠦᠯ ᠮᠡᠨᠳᠦ-ᠬᠥᠭᠵᠢᠯ ᠦᠨ ᠲᠤᠯᠭᠠᠭᠤᠷᠢ︾ ᠤᠷᠢᠶᠠᠨ ᠳᠣᠣᠷ᠎ᠠ 2019 ᠣᠨ ᠤ 10 ᠳ᠋ᠤᠭᠠᠷ ᠰᠠᠷ᠎ᠠ ᠶᠢᠨ 25-26 ᠳᠤ ᠲᠥᠷᠥ ᠶᠢᠨ ᠣᠷᠳᠣᠨ ᠤ ᠶᠡᠬᠡ ᠲᠠᠩᠬᠢᠮ ᠳᠤ ᠪᠣᠯᠵᠤ ᠥᠨᠳᠥᠷᠯᠡᠪᠡ᠃ ᠬᠤᠷᠠᠯ ᠢᠶᠠᠷ ᠡᠮᠴᠢ ᠨᠠᠷ ᠰᠠᠯᠪᠤᠷᠢ ᠶᠢᠨ ᠢᠶᠠᠨ ᠲᠤᠯᠭᠠᠮᠳᠠᠭᠰᠠᠨ ᠠᠰᠠᠭᠤᠳᠠᠯ᠂ ᠰᠢᠢᠳᠪᠦᠷᠢᠯᠡᠬᠦ ᠭᠠᠷᠴᠠ ᠶᠢ ᠲᠣᠳᠣᠷᠬᠠᠶᠢᠯᠠᠬᠤ᠂ ᠭᠠᠷᠭᠠᠭᠰᠠᠨ ᠠᠮᠵᠢᠯᠲᠠ ᠪᠠᠨ ᠪᠠᠲᠤᠳᠬᠠᠬᠤ᠂ ᠴᠢᠨᠠᠭᠰᠢᠳᠠ ᠬᠡᠷᠡᠭᠵᠢᠭᠦᠯᠬᠦ ᠪᠣᠳᠣᠯᠭ᠎ᠠ᠂ ᠴᠢᠭᠯᠡᠯ ᠢᠶᠡᠨ ᠶᠠᠷᠢᠯᠴᠠᠵᠤ᠂ ᠰᠠᠨᠠᠯ᠂ ᠪᠣᠳᠣᠯ ᠢᠶᠠᠨ ᠰᠤᠯᠢᠯᠴᠠᠪᠠ᠃
ᠶᠡᠷᠦᠩᠬᠡᠢ ᠰᠠᠶᠢᠳ ᠤ᠊∙ᠬᠦᠷᠡᠯᠰᠦ᠋ᠬᠡ ᠬᠤᠷᠠᠯ ᠤᠨ ᠲᠡᠭᠦᠰᠬᠡᠯ ᠳᠦ ᠡᠷᠡᠭᠦᠯ ᠮᠡᠨᠳᠦ ᠶᠢᠨ ᠰᠠᠯᠪᠤᠷᠢ ᠳᠤ ᠲᠠᠩᠭᠠᠷᠢᠭ ᠡᠷᠭᠦᠨ ᠠᠵᠢᠯᠯᠠᠵᠤ ᠪᠤᠢ 52 ᠮᠢᠩᠭ᠎ᠠ ᠭᠠᠷᠤᠢ ᠡᠮᠴᠢ᠂ ᠠᠵᠢᠯᠯᠠᠭᠰᠠᠳ ᠲᠤ ᠲᠠᠯᠠᠷᠬᠠᠵᠤ ᠪᠤᠢ  ᠪᠠᠨ ᠢᠯᠡᠷᠬᠡᠶᠢᠯᠡᠭᠡᠳ᠂ ᠣᠷᠣᠯᠴᠠᠭᠴᠢᠳ ᠲᠤ ᠬᠠᠨᠳᠤᠨ ᠬᠤᠷᠠᠯ ᠢᠶᠠᠷ ᠬᠡᠯᠡᠯᠴᠡᠭᠰᠡᠨ ᠠᠰᠠᠭᠤᠳᠠᠯ ᠤᠳ ᠢ ᠠᠵᠢᠯ ᠬᠡᠷᠡᠭ ᠪᠣᠯᠭᠠᠬᠤ ᠨᠢ ᠴᠢᠬᠤᠯᠠ᠂ ᠬᠡᠷᠡᠭᠵᠢᠭᠦᠯᠬᠦ ᠳᠦ ᠵᠠᠰᠠᠭ ᠤᠨ ᠭᠠᠵᠠᠷ ᠠᠴᠠ ᠪᠦᠬᠦ ᠲᠠᠯ᠎ᠠ ᠪᠠᠷ ᠳᠡᠮᠵᠢᠯᠭᠡ ᠦᠵᠡᠭᠦᠯᠵᠦ ᠠᠵᠢᠯᠯᠠᠨ᠎ᠠ ᠭᠡᠳᠡᠭ ᠢᠶᠡᠨ ᠬᠡᠯᠡᠪᠡ᠃

ᠰᠡᠳᠬᠢᠭᠳᠡᠯ ᠦᠯᠡᠳᠡᠭᠡᠬᠦ