ᠳ∙ᠲᠣᠭᠲᠠᠬᠤᠰᠦ᠋ᠷᠦᠩ᠄ ᠬᠡᠨ ᠨᠢᠭᠡᠨ ᠡᠴᠡ ᠠᠪᠯᠢᠭ᠎ᠠ  ᠠᠪᠤᠭ᠎ᠠ ᠦᠭᠡᠢ  | News.MN

ᠳ∙ᠲᠣᠭᠲᠠᠬᠤᠰᠦ᠋ᠷᠦᠩ᠄ ᠬᠡᠨ ᠨᠢᠭᠡᠨ ᠡᠴᠡ ᠠᠪᠯᠢᠭ᠎ᠠ  ᠠᠪᠤᠭ᠎ᠠ ᠦᠭᠡᠢ 

︽ᠤᠯᠤᠰ ᠤᠨ ᠶᠡᠬᠡ ᠬᠤᠷᠠᠯ ᠳ᠋ᠡᠬᠢ ᠮᠤᠩᠭᠤᠯ ᠠᠷᠠᠳ ᠤᠨ ᠨᠠᠮ ᠤᠨ ᠪᠦᠯᠦᠭ ᠦᠨ ᠳᠠᠷᠤᠭ᠎ᠠ ᠳ ∙ ᠲᠣᠭᠲᠠᠬᠤᠰᠦ᠋ᠷᠦᠩ ᠢ  ᠠᠪᠯᠢᠭ᠎ᠠ ᠶᠢᠨ ᠬᠡᠷᠡᠭ ᠢᠶᠡᠷ ᠰᠢᠯᠭᠠᠵᠤ ᠪᠠᠶᠢᠨ᠎ᠠ︾ ᠭᠡᠰᠡᠨ ᠮᠡᠳᠡᠭᠡᠯᠡᠯ ᠵᠠᠷᠢᠮ ᠬᠡᠪᠯᠡᠯ ᠮᠡᠳᠡᠭᠡᠯᠡᠯ ᠦᠨ ᠬᠡᠷᠡᠭᠰᠡᠯ ᠳᠦ ᠨᠡᠶᠢᠲᠡᠯᠡᠭᠳᠡᠭᠰᠡᠨ᠃ ᠤᠭ ᠮᠡᠳᠡᠭᠡᠯᠡᠯ ᠦᠨ ᠳᠠᠭᠠᠤ ᠳ∙ᠲᠣᠭᠲᠠᠬᠤᠰᠦ᠋ᠷᠦᠩ ᠡᠴᠡ ᠲᠣᠳᠣᠷᠠᠭᠤᠯᠤᠯ᠎ᠠ᠃
ᠲᠡᠷᠡᠪᠡᠷ ᠄ ᠡᠨᠡ ᠲᠤᠬᠠᠢ ᠮᠡᠳᠡᠭᠡᠯᠡᠯ ᠢ ᠬᠠᠷᠠᠯ᠎ᠠ᠃ ᠠᠪᠯᠢᠭ᠎ᠠ ᠲᠠᠢ ᠲᠡᠮᠡᠴᠡᠬᠦ ᠭᠠᠵᠠᠷ ᠠᠴᠠ  ᠤᠲᠠᠰᠤ ᠪᠠᠷ ᠠᠰᠠᠭᠤᠬᠤ ᠳᠤ᠂ ᠳᠡᠭᠡᠷᠡᠬᠢ ᠮᠡᠳᠡᠭᠡᠯᠡᠯ ᠢ ᠦᠭᠡᠶᠢᠰᠬᠡᠭᠰᠡᠨ ᠬᠠᠷᠢᠭᠤ ᠥᠭᠭᠦᠭᠰᠡᠨ᠃ ᠨᠢᠭᠡᠳᠦᠭᠡᠷ ᠲᠦ᠂ ᠪᠢ ᠰᠢᠯᠭᠠᠭᠳᠠᠵᠤ ᠪᠠᠶᠢᠭ᠎ᠠ ᠠᠰᠠᠭᠤᠳᠠᠯ ᠪᠠᠶᠢᠬᠤ ᠦᠭᠡᠢ᠃ ᠬᠣᠶᠠᠳᠤᠭᠠᠷ ᠲᠤ᠂ ᠪᠢ ᠠᠶᠢᠮᠠᠭ ᠤᠨ ᠵᠠᠰᠠᠭ ᠳᠠᠷᠤᠭ᠎ᠠ ᠬᠢᠵᠦ ᠪᠠᠶᠢᠬᠤ ᠬᠤᠭᠤᠴᠠᠭᠠᠨ ᠳᠤ ᠪᠠᠨ ᠬᠡᠨ ᠨᠢᠭᠡᠨ ᠡᠴᠡ ᠠᠪᠯᠢᠭ᠎ᠠ ᠠᠪᠤᠭᠰᠠᠨ ᠠᠰᠠᠭᠤᠳᠠᠯ ᠣᠭᠲᠣ ᠪᠠᠶᠢᠬᠤ ᠦᠭᠡᠢ᠃ ᠮᠢᠨᠦ ᠨᠡᠷ᠎ᠡ ᠬᠦᠨᠳᠦ ᠳᠦ ᠬᠠᠯᠳᠠᠭᠰᠠᠨ ᠡᠶᠢᠮᠦ ᠮᠡᠳᠡᠭᠡᠯᠡᠯ ᠭᠠᠷᠭᠠᠭᠰᠠᠨ ᠳᠤ ᠬᠠᠷᠠᠮᠰᠠᠵᠤ ᠪᠠᠶᠢᠨ᠎ᠠ᠃ ᠤᠭ ᠨᠢ ᠮᠡᠳᠡᠭᠡᠯᠡᠯ ᠢ ᠭᠠᠷᠭᠠᠬᠤ ᠠᠴᠠ ᠪᠠᠨ ᠡᠮᠦᠨ᠎ᠡ ᠰᠢᠯᠭᠠᠳᠠᠭ ᠭᠠᠵᠠᠷ ᠠᠴᠠ ᠨᠢ ᠠᠰᠠᠭᠤᠭᠰᠠᠨ ᠪᠣᠯ ᠣᠯᠠᠨ ᠨᠡᠶᠢᠲᠡ ᠳᠦ ᠵᠥᠪ ᠮᠡᠳᠡᠭᠡᠯᠡᠯ ᠥᠭᠬᠦ ᠪᠠᠶᠢᠭᠰᠠᠨ ᠪᠣᠯᠪᠠ ᠤᠤ ᠭᠡᠯ᠎ᠡ᠃

ᠰᠡᠳᠬᠢᠭᠳᠡᠯ ᠦᠯᠡᠳᠡᠭᠡᠬᠦ