ᠨᠡᠶᠢᠰᠯᠡᠯ ᠦᠨ ᠬᠦᠮᠦᠨ ᠠᠮᠠ ᠶᠢᠨ ᠮᠢᠬᠠᠨ ᠤ ᠬᠠᠩᠭᠠᠮᠵᠢ ᠶᠢ ᠨᠡᠮᠡᠭᠳᠡᠭᠦᠯᠬᠦ᠂ ᠦᠨ᠎ᠡ ᠶᠢᠨ ᠲᠣᠭᠲᠠᠪᠤᠷᠢᠲᠠᠢ ᠪᠠᠶᠢᠳᠠᠯ ᠢ ᠬᠠᠩᠭᠠᠬᠤ ᠵᠣᠷᠢᠯᠭ᠎ᠠ ᠪᠠᠷ ᠨᠡᠶᠢᠰᠯᠡᠯ ᠦᠨ ᠣᠨᠴᠠᠭᠠᠢ ᠺᠣᠮᠢᠰ ᠤᠨ 2019 ᠣᠨ ᠤ 08 ᠳ᠋ᠤᠭᠠᠷ ᠰᠠᠷ᠎ᠠ ᠶᠢᠨ 19 ᠍ ᠦ ᠡᠳᠦᠷ ᠦᠨ ᠥᠷᠭᠡᠳᠬᠡᠭᠰᠡᠨ ᠬᠤᠷᠠᠯᠳᠤᠭᠠᠨ᠂ ᠨᠡᠶᠢᠰᠯᠡᠯ ᠦᠨ ᠵᠠᠰᠠᠭ ᠳᠠᠷᠤᠭ᠎ᠠ ᠠᠴᠠ ᠥᠭᠭᠦᠭᠰᠡᠨ ᠡᠭᠦᠷᠭᠡ ᠴᠢᠭᠯᠡᠯ ᠦᠨ ᠬᠦᠷᠢᠶᠡᠨ ᠳᠦ ᠮᠢᠬᠠᠨ ᠤ ᠥᠷᠭᠡᠳᠬᠡᠭᠰᠡᠨ ᠬᠤᠳᠠᠯᠳᠤᠭ᠎ᠠ ᠶᠢ ᠠᠷᠪᠠᠳᠤᠭᠠᠷ ᠰᠠᠷ᠎ᠠ ᠶᠢᠨ 30 ᠍ ᠠᠴᠠ ᠠᠷᠪᠠᠨ ᠨᠢᠭᠡᠳᠦᠭᠡᠷ ᠰᠠᠷ᠎ᠠ ᠶᠢᠨ 03 ᠳᠦ ᠨᠡᠶᠢᠰᠯᠡᠯ ᠦᠨ ᠲᠥᠪ ᠦᠨ ᠵᠢᠷᠭᠤᠭᠠᠨ ᠳᠡᠭᠦᠷᠭᠡ ᠳᠦ ᠠᠩᠬ᠎ᠠ ᠤᠳᠠᠭ᠎ᠠ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠥᠷᠭᠡᠳᠬᠡᠭᠰᠡᠨ ᠬᠤᠳᠠᠯᠳᠤᠭᠠᠨ ᠳᠤ 21 ᠠᠶᠢᠮᠠᠭ ᠤᠨ 330 ᠰᠤᠮᠤᠳ ᠤᠨ ᠲᠥᠯᠥᠭᠡᠯᠡᠯ ᠮᠠᠯ ᠡᠮᠨᠡᠯᠭᠡ ᠶᠢᠨ ᠭᠠᠷᠤᠯ ᠡᠭᠦᠰᠦᠯ ᠦᠨ ᠪᠢᠴᠢᠭ ᠲᠡᠢ ᠪᠡᠯᠡᠳᠬᠡᠵᠦ ᠢᠷᠡᠭᠰᠡᠨ ᠪᠣᠭ ᠮᠠᠯ ᠤᠨ ᠮᠢᠬ᠎ᠠ ᠶᠢ ᠨᠡᠶᠢᠰᠯᠡᠯ ᠦᠨ ᠲᠣᠮᠣᠬᠠᠨ ᠵᠠᠬ᠎ᠠ᠂ ᠬᠤᠳᠠᠯᠳᠤᠭᠠᠨ ᠤ ᠲᠥᠪ᠂ ᠲᠣᠳᠣᠷᠬᠠᠢ ᠪᠠᠶᠢᠷᠢᠰᠢᠯ ᠤᠳ ᠲᠤ᠂ ᠢᠯᠡ ᠲᠠᠯᠠᠪᠠᠢ ᠳᠤ ᠲᠡᠭᠡᠭᠡᠪᠦᠷᠢ ᠶᠢᠨ ᠬᠡᠷᠡᠭᠰᠡᠯ ᠢᠶᠡᠷ ᠬᠤᠳᠠᠯᠳᠤᠨ ᠪᠣᠷᠣᠯᠠᠭᠤᠯᠬᠤ ᠶᠤᠮ ᠃