ᠠᠷᠤᠬᠠᠩᠭᠠᠢ ᠠᠶᠢᠮᠠᠭ ᠤᠨ ᠰᠲ᠋ᠠᠲ᠋ᠢᠰᠲ᠋ᠢᠺ ᠤᠨ ᠬᠡᠯᠲᠡᠰ ᠡᠴᠡ ᠰᠲ᠋ᠠᠲ᠋ᠢᠰᠲ᠋ᠢᠺ ᠤᠨ ᠪᠠᠶᠢᠭᠤᠯᠤᠯᠭ᠎ᠠ ᠡᠭᠦᠰᠴᠦ ᠬᠥᠭᠵᠢᠭᠰᠡᠨ ᠦ 95 ᠵᠢᠯ ᠦᠨ ᠣᠢ ᠶᠢᠨ ᠪᠠᠶᠠᠷ ᠢ ᠲᠣᠬᠢᠶᠠᠯᠳᠤᠭᠤᠯᠤᠨ ᠪᠡᠶ᠎ᠡ ᠶᠢᠨ ᠲᠠᠮᠢᠷ ᠰᠫᠣᠷᠲ ᠤᠨ ᠭᠠᠵᠠᠷ ᠲᠠᠢ ᠬᠠᠮᠲᠤᠷᠠᠨ ︽ᠢᠷᠡᠭᠡᠳᠦᠢ ᠶᠢᠨ ᠰᠲ᠋ᠠᠲ᠋ᠢᠰᠲ᠋ᠢᠭᠴᠢ ︾ 100 ᠪᠠᠭᠤᠳᠠᠯᠳᠤ ᠳᠠᠭᠠᠮ ᠤᠨ ᠥᠰᠪᠦᠷᠢ ᠶᠢᠨ ᠠᠶᠢᠮᠠᠭ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ 5-7᠂ 8-10 ᠨᠠᠰᠤᠨ ᠤ ᠠᠩᠭᠢᠯᠠᠯ ᠢᠶᠠᠷ ᠵᠣᠬᠢᠶᠠᠨ ᠪᠠᠶᠢᠭᠤᠯᠤᠯ᠎ᠠ᠃ ᠲᠡᠮᠡᠴᠡᠭᠡᠨ ᠳᠦ ᠴᠡᠩᠬᠡᠷ᠂ ᠦᠭᠢ ᠨᠠᠭᠤᠷ᠂ ᠬᠠᠶᠢᠷᠬᠠᠨ᠂ ᠥᠯᠵᠡᠶᠢᠲᠦ᠂ ᠡᠷᠳᠡᠨᠢᠪᠤᠯᠠᠭᠠᠨ ᠰᠤᠮᠤ ᠠᠴᠠ 130 ᠭᠠᠷᠤᠢ ᠲᠠᠮᠢᠷᠴᠢᠨ ᠣᠷᠣᠯᠴᠠᠭᠰᠠᠨ ᠪᠠᠶᠢᠨ᠎ᠠ᠃ ᠲᠡᠮᠡᠴᠡᠭᠡᠨ ᠳᠦ ᠣᠷᠣᠯᠴᠠᠭᠰᠠᠨ ᠬᠡᠦᠬᠡᠳ ᠪᠠᠭᠠᠴᠤᠳ ᠲᠤ ︽ᠰᠣᠨᠢᠷᠬᠠᠯᠲᠠᠢ ᠰᠲ᠋ᠠᠲ᠋ᠢᠰᠲ᠋ᠢᠺ ︾ ᠪᠣᠯᠤᠨ ︽ᠮᠣᠩᠭᠣᠯ ᠤᠯᠤᠰ ᠤᠨ ᠬᠡᠳᠦᠳᠡᠬᠢ ᠢᠷᠭᠡᠨ ᠪᠤᠢ ︾ ᠪᠠᠲᠤᠯᠠᠮᠵᠢ ᠶᠢ ᠭᠠᠷᠳᠠᠭᠤᠯᠵᠤ᠂ ᠠᠩᠭᠢᠯᠠᠯ ᠲᠤᠰ ᠪᠦᠷᠢ ᠳᠦ ᠡᠬᠢᠨ ᠦ 5 ᠪᠠᠶᠢᠷᠢ ᠶᠢ ᠰᠢᠯᠭᠠᠷᠠᠭᠤᠯᠵᠤ᠂ ᠤᠷᠮᠠᠰᠢᠭᠤᠯᠵᠠᠢ᠃ ᠮᠥᠨ ᠳᠠᠭᠠᠮ ᠤᠨ ᠰᠫᠣᠷᠲ ᠤᠨ ᠵᠡᠷᠭᠡ ᠶᠢᠨ ᠪᠣᠯᠵᠣᠯ ᠬᠠᠩᠭᠠᠭᠰᠠᠨ 12 ᠬᠡᠦᠬᠡᠳ ᠲᠦ ᠭᠤᠷᠪᠠᠳᠤᠭᠠᠷ ᠵᠡᠷᠭᠡ ᠶᠢᠨ ᠦᠨᠡᠮᠯᠡᠬᠦ ᠣᠯᠭᠤᠭᠰᠠᠨ ᠪᠠᠶᠢᠨ᠎ᠠ᠃
ᠳᠠᠭᠠᠮ ᠤᠨ ᠲᠡᠮᠡᠴᠡᠭᠡᠨ ᠦ ᠦᠶ᠎ᠡ ᠪᠡᠷ ᠪᠠᠭᠰᠢ ᠨᠠᠷ ᠢ ᠤᠷᠮᠠᠰᠢᠭᠤᠯᠤᠨ ︽ᠰᠲ᠋ᠠᠲ᠋ᠢᠰᠲ᠋ᠢᠺ ᠤᠨ ᠴᠠᠭᠠᠨ ᠲᠣᠯᠣᠭᠠᠢ︾ ᠨᠣᠮ ᠳᠤᠷᠠᠰᠬᠠᠵᠤ᠂ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ ᠪᠠᠨ ᠰᠤᠷᠲᠠᠯᠴᠢᠯᠠᠨ ᠰᠲ᠋ᠠᠲ᠋ᠢᠰᠲ᠋ᠢᠺ ᠮᠡᠳᠡᠭᠡᠯᠡᠯ ᠦᠨ ᠨᠢᠭᠡᠳᠦᠭᠰᠡᠨ ᠰᠠᠶᠢᠲ ᠪᠣᠯᠤᠨ ᠬᠡᠯᠲᠡᠰ ᠦᠨ ᠴᠠᠬᠢᠮ ᠬᠠᠭᠤᠳᠠᠰᠤ᠂ ᠢᠷᠭᠡᠨ ᠥᠪᠡᠷ ᠦᠨ ᠮᠡᠳᠡᠭᠡᠯᠡᠯ ᠢ ᠰᠢᠯᠭᠠᠵᠤ᠂ ᠪᠠᠲᠤᠯᠠᠭᠠᠵᠢᠭᠤᠯᠬᠤ ᠴᠠᠬᠢᠮ ᠰᠢᠰᠲ᠋ᠧᠮ ᠢ ᠲᠠᠨᠢᠯᠴᠠᠭᠤᠯᠵᠤ᠂ ᠮᠡᠳᠡᠭᠡᠯᠡᠯ ᠥᠭᠴᠡᠢ᠃