ᠶᠡᠷᠦᠩᠬᠡᠶᠢᠯᠡᠭᠴᠢ ᠠᠮᠧᠷᠢᠺᠠ ᠶᠢᠨ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ  | News.MN

ᠶᠡᠷᠦᠩᠬᠡᠶᠢᠯᠡᠭᠴᠢ ᠠᠮᠧᠷᠢᠺᠠ ᠶᠢᠨ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ 

ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠠᠮᠧᠷᠢᠺᠠ ᠶᠢᠨ ᠬᠤᠳᠠᠯᠳᠤᠭᠠᠨ ᠤ ᠶᠠᠮᠤᠨ ᠤ ᠬᠢᠲᠠᠳ᠂ ᠮᠣᠩᠭᠣᠯ ᠢ ᠬᠠᠷᠢᠭᠤᠴᠠᠭᠰᠠᠨ ᠳᠡᠳ᠋ ᠰᠠᠶᠢᠳ ᠤᠨ ᠣᠷᠣᠯᠠᠭᠴᠢ ᠠᠯᠠᠨ ᠲᠦᠷᠯᠢ ᠲᠡᠷᠢᠭᠦᠲᠡᠢ ᠵᠣᠴᠢᠳ ᠲᠥᠯᠦᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃  ᠨᠣᠶᠠᠨ ᠠᠯᠠᠨ ᠲᠦᠷᠯᠢ ᠬᠥᠳᠡᠭᠡ ᠠᠵᠤ ᠠᠬᠤᠢ᠂ ᠮᠡᠳᠡᠭᠡᠯᠡᠯ ᠦᠨ ᠲᠧᠭᠨᠣᠯᠣᠭᠢ᠂ ᠠᠭᠤᠯᠠ ᠠᠭᠤᠷᠬᠠᠢ ᠶᠢᠨ ᠲᠣᠨᠣᠭ ᠲᠥᠬᠥᠭᠡᠷᠦᠮᠵᠢ᠂ ᠬᠢᠮᠢ᠂ ᠲᠡᠮᠦᠷ ᠵᠠᠮ ᠤᠨ ᠳᠡᠳ᠋ ᠪᠦᠲᠦᠴᠡ ᠵᠡᠷᠭᠡ ᠰᠠᠯᠪᠤᠷᠢ ᠳᠤ ᠳᠡᠯᠡᠬᠡᠢ ᠳᠠᠶᠠᠭᠠᠷ ᠦᠢᠯᠡ ᠠᠵᠢᠯᠯᠠᠭ᠎ᠠ ᠶᠠᠪᠤᠭᠤᠯᠳᠠᠭ ᠲᠣᠮᠣᠬᠠᠨ ᠺᠣᠮᠫᠠᠨᠢ ᠶᠢᠨ ᠤᠳᠤᠷᠢᠳᠤᠯᠭ᠎ᠠ ᠨᠠᠷ ᠲᠠᠢ ᠬᠦᠷᠦᠯᠴᠡᠨ ᠢᠷᠡᠭᠰᠡᠨ ᠪᠥᠭᠡᠳ ᠮᠣᠩᠭᠣᠯ ᠤᠯᠤᠰ ᠲᠤ ᠠᠵᠢᠯᠯᠠᠵᠤ ᠪᠠᠶᠢᠭ᠎ᠠ ᠨᠢ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ᠂ ᠠᠮᠧᠷᠢᠺᠠ ᠶᠢᠨ ᠶᠡᠷᠦᠩᠬᠡᠶᠢᠯᠡᠭᠴᠢ ᠳ᠋ᠤᠨᠠᠯᠳ᠋ ᠲᠷᠠᠮᠫ ᠤᠨ ᠡᠳ᠋ ᠦᠨ ᠵᠠᠰᠠᠭ᠂ ᠬᠤᠳᠠᠯᠳᠤᠭᠠᠨ ᠤ ᠬᠠᠷᠢᠯᠴᠠᠭ᠎ᠠ ᠶᠢ ᠥᠷᠭᠡᠵᠢᠭᠦᠯᠬᠦ ᠰᠣᠨᠢᠷᠬᠠᠯ ᠳᠤ ᠲᠤᠯᠭᠠᠭᠤᠷᠢᠯᠠᠨ᠂ ᠠᠵᠢᠯ ᠬᠡᠷᠡᠭ ᠪᠣᠯᠭᠠᠬᠤ ᠵᠣᠷᠢᠯᠭ᠎ᠠ ᠲᠠᠢ ᠬᠡᠮᠡᠨ ᠣᠨᠴᠠᠯᠠᠯ᠎ᠠ᠃
ᠶᠡᠷᠦᠩᠬᠡᠶᠢᠯᠡᠭᠴᠢ ᠬ∙ᠪᠠᠲᠤᠲᠤᠯᠭ᠎ᠠ ᠣᠳᠣ ᠬᠡᠷᠡᠭᠵᠢᠵᠦ ᠪᠤᠢ ᠲᠥᠰᠥᠯ ᠬᠥᠲᠥᠯᠪᠦᠷᠢ ᠨᠦᠭᠦᠳ ᠢᠶᠡᠨ ᠳᠡᠯᠭᠡᠷᠡᠩᠭᠦᠢ ᠲᠠᠨᠢᠯᠴᠠᠭᠤᠯᠵᠤ᠂ ᠠᠯᠢ ᠰᠠᠯᠪᠤᠷᠢ ᠳᠤ ᠬᠠᠮᠲᠤᠷᠠᠨ ᠠᠵᠢᠯᠯᠠᠵᠤ ᠪᠤᠢ ᠠᠴᠠ ᠦᠯᠦ ᠬᠠᠮᠢᠶᠠᠷᠤᠨ ᠲᠧᠭᠨᠣᠯᠣᠭᠢ ᠪᠣᠯᠤᠨ ᠰᠠᠩᠬᠦᠦᠵᠢᠯᠲᠡ ᠶᠢᠨ ᠲᠠᠭᠠᠲᠠᠢ ᠨᠥᠬᠥᠴᠡᠯ ᠲᠡᠢ ᠪᠠᠶᠢᠪᠠᠯ ᠬᠠᠷᠢᠯᠴᠠᠨ ᠠᠰᠢᠭᠲᠠᠢ  ᠪᠢᠽᠢᠨᠧᠰ ᠦᠨ ᠦᠨᠳᠦᠰᠦ ᠪᠣᠯᠤᠨ᠎ᠠ ᠬᠡᠮᠡᠨ ᠣᠨᠴᠠᠯᠠᠨ ᠲᠡᠮᠳᠡᠭᠯᠡᠯ᠎ᠡ᠃

ᠰᠡᠳᠬᠢᠭᠳᠡᠯ ᠦᠯᠡᠳᠡᠭᠡᠬᠦ