ᠮᠣᠩᠭᠣᠯ ᠣᠷᠣᠰ ᠤᠨ ᠬᠠᠮᠲᠤᠷᠠᠭᠰᠠᠨ ᠺᠣᠮᠢᠰ ᠤᠨ ᠬᠤᠷᠠᠯ ᠪᠤᠯᠤᠯ᠎ᠠ | News.MN

ᠮᠣᠩᠭᠣᠯ ᠣᠷᠣᠰ ᠤᠨ ᠬᠠᠮᠲᠤᠷᠠᠭᠰᠠᠨ ᠺᠣᠮᠢᠰ ᠤᠨ ᠬᠤᠷᠠᠯ ᠪᠤᠯᠤᠯ᠎ᠠ

ᠦᠢᠯᠡᠳᠪᠦᠷᠢ ᠶᠢᠨ ᠣᠰᠣᠯ᠂ ᠪᠠᠶᠢᠭᠠᠯᠢ ᠶᠢᠨ ᠭᠠᠮᠰᠢᠭ ᠠᠴᠠ ᠤᠷᠢᠳᠴᠢᠯᠠᠨ ᠰᠡᠷᠭᠡᠶᠢᠯᠡᠬᠦ᠂ ᠲᠡᠭᠦᠨ ᠦ ᠬᠣᠣᠷ ᠤᠷᠰᠢᠭ ᠢ ᠠᠷᠢᠯᠭᠠᠬᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ᠂ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠢ ᠬᠡᠷᠡᠭᠵᠢᠭᠦᠯᠬᠦ ︽ᠮᠣᠩᠭᠣᠯ ᠣᠷᠣᠰ ᠤᠨ ᠬᠠᠮᠲᠤᠷᠠᠭᠰᠠᠨ ᠺᠣᠮᠢᠰ ᠤᠨ ᠠᠷᠪᠠᠨ ᠳᠤᠯᠤᠳᠤᠭᠠᠷ ᠬᠤᠷᠠᠯᠳᠤᠭᠠᠨ︾ ᠥᠨᠳᠦᠷᠯᠡᠵᠦ᠂ ᠲᠠᠯ᠎ᠠ ᠨᠤᠭᠤᠳ ᠫᠷᠣᠲ᠋ᠣᠺᠣᠯ ᠳᠤ ᠭᠠᠷ ᠤᠨ ᠦᠰᠦᠭ ᠵᠢᠷᠤᠯ᠎ᠠ᠃
ᠬᠠᠮᠲᠤᠷᠠᠭᠰᠠᠨ ᠬᠤᠷᠠᠯᠳᠤᠭᠠᠨ ᠢᠶᠠᠷ ᠣᠷᠣᠰ ᠤᠨ ᠣᠨᠴᠠᠭᠠᠢ ᠪᠠᠶᠢᠳᠠᠯ ᠤᠨ ᠶᠠᠮᠤᠨ ᠤ ᠬᠢᠮᠤᠷᠠᠯ ᠤᠨ ᠤᠳᠤᠷᠢᠳᠤᠯᠭ᠎ᠠ᠂ ᠵᠠᠷᠯᠠᠨ ᠮᠡᠳᠡᠭᠡᠯᠡᠬᠦ ᠦᠨᠳᠦᠰᠦᠨ ᠦ ᠲᠥᠪ᠂ ᠮᠣᠩᠭᠣᠯ ᠤᠯᠤᠰ ᠤᠨ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠭᠠᠮᠰᠢᠭ ᠤᠨ ᠰᠢᠭᠤᠷᠬᠠᠢ ᠤᠳᠤᠷᠢᠳᠤᠯᠭ᠎ᠠ᠂ ᠵᠠᠷᠯᠠᠨ ᠮᠡᠳᠡᠭᠡᠯᠡᠯ ᠦᠨ ᠲᠥᠪ ᠬᠣᠭᠣᠷᠣᠨᠳᠣ ᠶᠢᠨ ︽ᠬᠠᠮᠲᠤᠷᠠᠨ ᠠᠵᠢᠯᠯᠠᠬᠤ ᠭᠡᠷ᠎ᠡ︾ ᠳᠦ ᠭᠠᠷ ᠤᠨ ᠦᠰᠦᠭ ᠵᠢᠷᠤᠬᠤ ᠪᠠᠷ ᠲᠣᠬᠢᠷᠠᠯᠴᠠᠯ᠎ᠠ᠃ ᠮᠥᠨ ︽ᠲᠠᠪᠤᠨ ᠪᠦᠰᠡ ᠶᠢᠨ ᠭᠠᠮᠰᠢᠭ ᠤᠨ ᠰᠢᠭᠤᠷᠬᠠᠢ ᠤᠳᠤᠷᠢᠳᠤᠯᠭ᠎ᠠ ᠵᠠᠷᠯᠠᠨ ᠮᠡᠳᠡᠭᠡᠯᠡᠯ ᠦᠨ ᠲᠥᠪ ᠪᠣᠯᠤᠨ ᠭᠠᠯ ᠲᠦᠢᠮᠡᠷ ᠲᠡᠢ ᠲᠡᠮᠡᠴᠡᠬᠦ ᠲᠧᠭᠨᠢᠭ ᠲᠣᠨᠣᠭ ᠲᠥᠬᠦᠭᠡᠷᠦᠮᠵᠢ ᠶᠢ ᠰᠢᠨᠡᠳᠭᠡᠬᠦ︾ ᠲᠥᠰᠦᠯ ᠢ ᠬᠠᠮᠲᠤᠷᠠᠨ ᠬᠡᠷᠡᠭᠵᠢᠭᠦᠯᠬᠦ ᠪᠡᠷ ᠰᠠᠨᠠᠯ ᠰᠣᠯᠢᠯᠴᠠᠭᠰᠠᠨ ᠶᠤᠮ᠃

ᠰᠡᠳᠬᠢᠭᠳᠡᠯ ᠦᠯᠡᠳᠡᠭᠡᠬᠦ