The Hu ᠶᠢᠨ ᠲᠣᠭᠯᠠᠯᠲᠠ ᠶᠢ 30 ᠲᠦᠮᠡᠨ ᠬᠦᠮᠦᠨ ᠦᠵᠡᠵᠡᠢ  | News.MN

 The Hu ᠶᠢᠨ ᠲᠣᠭᠯᠠᠯᠲᠠ ᠶᠢ 30 ᠲᠦᠮᠡᠨ ᠬᠦᠮᠦᠨ ᠦᠵᠡᠵᠡᠢ 

The Hu ᠬᠠᠮᠲᠤᠯᠢᠭ ᠤᠨ ᠵᠠᠯᠠᠭᠤᠰ ᠣᠳᠣ ᠬᠤᠶᠢᠳᠤ ᠠᠮᠧᠷᠢᠺᠠ ᠳ᠋ᠡᠬᠢ ᠠᠶᠠᠯᠠᠨ ᠲᠣᠭᠯᠠᠯᠲᠠ ᠪᠠᠨ ᠦᠷᠭᠦᠯᠵᠢᠯᠡᠭᠦᠯᠵᠦ ᠶᠠᠪᠤᠭ᠎ᠠ᠃ ᠬᠠᠮᠲᠤᠯᠢᠭ ᠤᠨ ᠵᠠᠯᠠᠭᠤᠰ ᠡᠨᠡ ᠤᠳᠠᠭ᠎ᠠ ᠶᠢᠨ ᠠᠶᠠᠯᠠᠨ ᠲᠣᠭᠯᠠᠯᠲᠠ ᠪᠠᠨ ᠶᠢᠰᠦᠳᠦᠭᠡᠷ ᠰᠠᠷ᠎ᠠ ᠶᠢᠨ 11 ᠡᠴᠡ ᠡᠬᠢᠯᠡᠭᠰᠡᠨ ᠪᠥᠭᠡᠳ ᠠᠷᠪᠠᠨ ᠬᠣᠶᠠᠳᠤᠭᠠᠷ ᠰᠠᠷ᠎ᠠ ᠬᠦᠷᠲᠡᠯ᠎ᠡ ᠪᠦᠲᠦᠨ ᠳᠥᠷᠪᠡᠨ ᠰᠠᠷ᠎ᠠ ᠶᠢᠨ ᠲᠤᠷᠰᠢ ᠠᠶᠠᠯᠠᠨ ᠲᠣᠭᠯᠠᠬᠤ ᠪᠠᠷ ᠲᠥᠯᠥᠪᠯᠡᠭᠡᠳ ᠪᠤᠢ᠃
ᠪ∙ᠳᠠᠰᠢᠳᠤᠨᠳᠤᠭ ᠠᠶᠠᠯᠠᠨ ᠲᠣᠭᠯᠠᠯᠲᠠ ᠶᠢᠨ ᠲᠠᠯ᠎ᠠ ᠪᠠᠷ ᠮᠡᠳᠡᠭᠡᠯᠡᠯ ᠥᠭᠬᠦ ᠳᠦ ᠪᠡᠨ᠄ ᠣᠳᠣ The Hu ᠬᠠᠮᠲᠤᠯᠢᠭ ᠤᠨ ᠬᠢᠨ ᠮᠠᠨᠢ ᠠᠮᠧᠷᠢᠺᠠ  ᠳᠦ ᠰᠠᠷ᠎ᠠ ᠬᠠᠭᠠᠰ ᠤᠨ ᠲᠣᠭᠯᠠᠯᠲᠠ ᠬᠢᠨ᠎ᠡ᠃ ᠲᠡᠳᠡᠨ ᠢ 30 ᠭᠠᠷᠤᠢ ᠲᠣᠭᠯᠠᠯᠲᠠ ᠬᠦᠯᠢᠶᠡᠵᠦ ᠪᠠᠶᠢᠨ᠎ᠠ᠃ ᠬᠠᠮᠲᠤᠯᠢᠭ ᠤᠨ ᠵᠠᠯᠠᠭᠤᠰ ᠮᠠᠨᠢ ᠡᠮᠦᠨ᠎ᠡ ᠨᠢ ᠨᠢᠭᠡ ᠡᠳᠦᠷ ᠥᠨᠵᠢᠭᠡᠳ ᠲᠣᠭᠯᠠᠯᠲᠠ ᠪᠠᠨ ᠬᠢᠳᠡᠭ ᠪᠠᠶᠢᠭᠰᠠᠨ ᠪᠣᠯ ᠣᠶᠢᠷ᠎ᠠ ᠶᠢᠨ ᠨᠠᠢᠮᠠ ᠶᠢᠰᠦᠨ ᠬᠣᠨᠣᠭ ᠲᠤ ᠡᠳᠦᠷ ᠪᠦᠷᠢ ᠲᠣᠭᠯᠠᠯᠲᠠ ᠲᠠᠢ᠃ ᠪᠡᠶ᠎ᠡ ᠳᠠᠭᠠᠭᠠᠭᠰᠠᠨ ᠲᠣᠭᠯᠠᠯᠲᠠ ᠨᠤᠭᠤᠳ ᠬᠢᠬᠦ ᠦᠯᠡᠳᠡᠭᠡᠳ ᠪᠠᠶᠢᠭ᠎ᠠ᠃ ᠣᠳᠣ ᠶᠢᠨ ᠪᠠᠶᠢᠳᠠᠯ ᠢᠶᠠᠷ ᠲᠡᠳᠡᠨ ᠢ ᠠᠮᠧᠷᠢᠺᠠ ᠳᠦ 300 ᠮᠢᠩᠭ᠎ᠠ ᠭᠠᠷᠤᠢ ᠬᠦᠮᠦᠨ ᠦᠵᠡᠭᠡᠳ ᠪᠠᠶᠢᠨ᠎ᠠ ᠬᠡᠮᠡᠨ ᠬᠡᠯᠡᠭᠰᠡᠨ ᠶᠤᠮ᠃

ᠰᠡᠳᠬᠢᠭᠳᠡᠯ ᠦᠯᠡᠳᠡᠭᠡᠬᠦ