– ᠥᠴᠥᠭᠡᠳᠦᠷ ᠪᠣᠯᠤᠭᠰᠠᠨ ᠭᠦᠢᠴᠡᠳᠭᠡᠬᠦ ᠠᠵᠢᠯ ᠲᠠᠢ ᠬᠣᠯᠪᠣᠭ᠎ᠠ ᠲᠠᠢ ᠠᠰᠠᠭᠤᠳᠠᠯ ᠢᠶᠠᠷ ᠲᠣᠪᠴᠢ ᠮᠡᠳᠡᠭᠡᠯᠡᠯ ᠥᠭᠭᠦᠭᠡᠴᠢ᠃ ᠲᠠᠨ ᠤ ᠪᠠᠶᠢᠭᠤᠯᠤᠯᠭ᠎ᠠ ︵ᠭᠠᠳᠠᠭᠠᠳᠤ ᠶᠢᠨ ᠢᠷᠭᠡᠨ ᠬᠠᠷᠢᠶᠠᠲᠤ ᠶᠢᠨ ᠭᠠᠵᠠᠷ ᠤᠨ ᠳᠡᠳ᠋ ᠳᠠᠷᠤᠭ᠎ᠠ ︶ ᠲᠤᠰ ᠠᠵᠢᠯᠯᠠᠭᠠᠨ ᠳᠤ ᠶᠠᠮᠠᠷ ᠪᠠᠶᠢᠳᠠᠯ ᠢᠶᠠᠷ ᠣᠷᠣᠯᠴᠠᠭᠰᠠᠨ ᠪᠤᠢ︖
– ᠲᠠᠩᠨᠠᠭᠤᠯ᠂ ᠴᠠᠭᠳᠠᠭ᠎ᠠ ᠶᠢᠨ ᠪᠠᠶᠢᠭᠤᠯᠤᠯᠭ᠎ᠠ ᠶᠢᠨ ᠰᠢᠯᠭᠠᠯᠲᠠ ᠳᠤ ᠮᠠᠨ ᠤ ᠭᠠᠳᠠᠭᠠᠳᠤ ᠶᠢᠨ ᠢᠷᠭᠡᠨ ᠬᠠᠷᠢᠶᠠᠲᠤ ᠶᠢᠨ ᠭᠠᠵᠠᠷ ᠤᠨ ᠬᠢᠨᠠᠯᠲᠠ ᠶᠢᠨ ᠤᠯᠤᠰ ᠤᠨ ᠪᠠᠶᠢᠴᠠᠭᠠᠭᠴᠢ ᠨᠠᠷ ᠬᠠᠮᠲᠤᠷᠠᠵᠤ ᠣᠷᠣᠯᠴᠠᠨ ᠫᠠᠰᠫᠣᠷᠲ ᠪᠢᠴᠢᠭ ᠪᠠᠷᠢᠮᠲᠠ ᠶᠢᠨ ᠰᠢᠯᠭᠠᠯᠲᠠ ᠶᠢ ᠬᠢᠭᠰᠡᠨ᠃
ᠥᠨᠥ ᠥᠷᠯᠥᠭᠡ ᠠᠪᠤᠭᠰᠠᠨ ᠮᠡᠳᠡᠭᠡᠯᠡᠯ ᠢᠶᠡᠷ 600 ᠭᠠᠷᠤᠢ ᠢᠷᠭᠡᠨ ᠦ ᠫᠠᠰᠫᠣᠷᠲ ᠢ ᠰᠢᠯᠭᠠᠯᠲᠠ ᠳᠤ ᠬᠠᠮᠤᠷᠤᠭᠤᠯᠤᠭᠰᠠᠨ ᠠᠴᠠ 500 ᠭᠠᠷᠤᠢ ᠨᠢ ᠵᠢᠭᠤᠯᠴᠢᠨ ᠠᠩᠭᠢᠯᠠᠯ ᠤᠨ᠂ 100 ᠭᠠᠷᠤᠢ ᠨᠢ ᠪᠢᠽᠢᠨᠧᠰ ᠠᠩᠭᠢᠯᠠᠯ ᠤᠨ 30 ᠬᠦᠷᠲᠡᠯ᠎ᠡ ᠬᠣᠨᠣᠭ ᠤᠨ ᠸᠢᠽ ᠲᠡᠢ ᠢᠷᠡᠭᠰᠡᠨ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠦᠨ ᠢᠷᠭᠡᠨ ᠪᠣᠯᠬᠤ ᠨᠢ ᠲᠣᠭᠲᠠᠭᠠᠭᠳᠠᠭᠰᠠᠨ᠃ ᠣᠯᠠᠨ ᠨᠡᠶᠢᠲᠡ ᠶᠢᠨ ᠳᠤᠮᠳᠠ ᠬᠤᠩᠺᠤᠩ ᠢᠷᠭᠡᠳ ᠭᠡᠰᠡᠨ ᠮᠡᠳᠡᠭᠡᠯᠡᠯ ᠲᠠᠷᠬᠠᠭᠠᠳ ᠪᠠᠶᠢᠭᠰᠠᠨ᠃ ᠲᠡᠭᠡᠪᠡᠯ ᠬᠤᠩᠺᠤᠩ ᠫᠠᠰᠫᠣᠷᠲ ᠲᠠᠢ᠂ ᠬᠤᠩᠺᠤᠩ ᠢᠷᠭᠡᠳ ᠪᠠᠶᠢᠬᠤ ᠦᠭᠡᠢ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠢᠷᠭᠡᠳ᠃
– ᠡᠳᠡᠭᠡᠷ ᠢᠷᠭᠡᠨ ᠨᠢ ᠸᠢᠽ ᠢᠶᠡᠨ ᠬᠠᠮᠢᠭ᠎ᠠ ᠠᠴᠠ ᠠᠪᠴᠤ ᠣᠷᠣᠵᠤ ᠢᠷᠡᠭᠰᠡᠨ ᠶᠤᠮ ᠪᠣᠯ︖
– ᠳᠡᠶᠢᠯᠦᠩᠬᠢ ᠨᠢ ᠬᠦᠬᠡᠬᠤᠲᠠ ᠳ᠋ᠡᠬᠢ ᠶᠡᠷᠦᠩᠬᠡᠢ ᠺᠤᠨᠰᠦ᠋ᠯ ᠤᠨ ᠭᠠᠵᠠᠷ ᠠᠴᠠ ᠠᠪᠤᠭᠰᠠᠨ᠂ ᠵᠢᠭᠤᠯᠴᠢᠨ ᠠᠩᠭᠢᠯᠠᠯ ᠤᠨ ᠸᠢᠽ ᠲᠡᠢ᠃ ᠵᠠᠷᠢᠮ ᠨᠢ ᠡᠷᠢᠶᠡᠨ ᠬᠣᠲᠠ ᠶᠢᠨ ᠶᠡᠷᠦᠩᠬᠡᠢ ᠺᠤᠨᠰᠦ᠋ᠯ ᠤᠨ ᠭᠠᠵᠠᠷ ᠠᠴᠠ ᠠᠪᠤᠭᠰᠠᠨ ᠵᠢᠭᠤᠯᠴᠢᠨ᠂ ᠪᠢᠽᠢᠨᠧᠰ ᠠᠩᠭᠢᠯᠠᠯ ᠤᠨ ᠸᠢᠽ ᠲᠡᠢ ᠢᠷᠭᠡᠳ ᠪᠠᠶᠢᠨ᠎ᠠ᠃ ᠣᠳᠣ ᠪᠠᠷ ᠪᠢᠳᠡ ᠠᠯᠢ ᠠᠯᠢ ᠭᠠᠵᠠᠷ ᠠᠴᠠ᠂ ᠶᠠᠮᠠᠷ ᠺᠣᠮᠫᠠᠨᠢ ᠶᠢᠨ ᠤᠷᠢᠯᠭ᠎ᠠ ᠪᠠᠷ ᠢᠷᠡᠭᠰᠡᠨ ᠲᠣᠭ᠎ᠠ ᠶᠢ ᠨᠢᠭᠡᠳᠬᠡᠵᠦ ᠪᠠᠶᠢᠨ᠎ᠠ᠃
ᠡᠳᠡᠭᠡᠷ ᠢᠷᠭᠡᠨ 30 ᠬᠣᠨᠣᠭ ᠤᠨ ᠸᠢᠽ ᠲᠡᠢ ᠢᠷᠡᠭᠰᠡᠨ ᠤᠴᠢᠷ ᠮᠠᠨ ᠤ ᠪᠠᠶᠢᠭᠤᠯᠤᠯᠭ᠎ᠠ ᠠᠴᠠ ᠤᠷᠢᠳᠴᠢᠯᠠᠵᠤ ᠵᠥᠪᠰᠢᠶᠡᠷᠡᠯ ᠠᠪᠴᠤ᠂ ᠶᠠᠮᠠᠷ ᠨᠢᠭᠡᠨ ᠪᠦᠷᠢᠳᠬᠡᠯ ᠬᠢᠯᠭᠡᠳᠡᠭ ᠦᠭᠡᠢ᠃ ᠲᠡᠶᠢᠮᠦ ᠤᠴᠢᠷ ᠠᠴᠠ ᠲᠡᠳᠡᠨ ᠦ ᠣᠷᠣᠰᠢᠨ ᠰᠠᠭᠤᠬᠤ ᠬᠠᠶ᠋ᠢᠭ᠂ ᠢᠷᠡᠭᠰᠡᠨ ᠵᠣᠷᠢᠯᠭ᠎ᠠ᠂ ᠠᠶᠠᠯᠠᠯ ᠤᠨ ᠲᠥᠯᠥᠪᠯᠡᠭᠡ ᠵᠡᠷᠭᠡ ᠮᠡᠳᠡᠭᠡᠯᠡᠯ ᠪᠢᠳᠡᠨ ᠳᠦ ᠪᠠᠶᠢᠳᠠᠭ ᠦᠭᠡᠢ᠃ ᠬᠠᠷᠢᠨ 30 ᠠᠴᠠ ᠳᠡᠭᠡᠭᠰᠢ ᠬᠣᠨᠣᠭ ᠢᠶᠠᠷ ᠢᠷᠡᠬᠦ ᠭᠠᠳᠠᠭᠠᠳᠤ ᠶᠢᠨ ᠢᠷᠭᠡᠨ ᠮᠠᠨ ᠤ ᠪᠠᠶᠢᠭᠤᠯᠤᠯᠭ᠎ᠠ ᠠᠴᠠ ᠸᠢᠽ᠂ ᠸᠢᠽ ᠤᠨ ᠵᠥᠪᠰᠢᠶᠡᠷᠡᠯ ᠠᠪᠴᠤ᠂ ᠬᠢᠯᠢ ᠪᠡᠷ ᠨᠡᠪᠲᠡᠷᠡᠭᠰᠡᠨ ᠡᠳᠦᠷ ᠡᠴᠡ ᠬᠣᠶᠢᠰᠢ 7 ᠬᠣᠨᠣᠭ ᠤᠨ ᠳᠣᠲᠣᠷ᠎ᠠ ᠪᠥᠷᠢᠳᠬᠡᠭᠦᠯᠬᠦ ᠬᠠᠤᠯᠢ ᠲᠠᠢ᠃
– 30 ᠬᠣᠨᠣᠭ ᠤᠨ ᠸᠢᠽ ᠲᠡᠢ ᠨᠡᠶᠢᠲᠡ ᠬᠡᠴᠢᠨᠡᠨ ᠢᠷᠭᠡᠨ ᠪᠠᠶᠢᠳᠠᠭ ᠲᠠᠯ᠎ᠠ ᠪᠠᠷ ᠲᠣᠭᠠᠨ ᠮᠡᠳᠡᠭᠡᠯᠡᠯ ᠪᠠᠶᠢᠳᠠᠭ ᠤᠤ ︖
– ︽ᠮᠣᠩᠭᠣᠯ ᠤᠯᠤᠰ ᠤᠨ ᠬᠢᠯᠢ ᠶᠢᠨ ᠲᠤᠬᠠᠢ︾ ᠬᠠᠤᠯᠢ ᠶᠢᠨ ᠳᠠᠭᠠᠤ 30 ᠬᠣᠨᠣᠭ ᠬᠦᠷᠲᠡᠯᠡᠬᠢ ᠬᠤᠭᠤᠴᠠᠭ᠎ᠠ ᠪᠠᠷ ᠢᠷᠡᠵᠦ ᠪᠤᠢ ᠭᠠᠳᠠᠭᠠᠳᠤ ᠶᠢᠨ ᠢᠷᠭᠡᠳ ᠢ ᠬᠢᠯᠢ ᠬᠠᠮᠠᠭᠠᠯᠠᠬᠤ ᠶᠡᠷᠦᠩᠬᠡᠢ ᠭᠠᠵᠠᠷ ᠪᠦᠷᠢᠳᠬᠡᠳᠡᠭ᠃ ᠲᠡᠨᠳᠡ ᠡᠴᠡ ᠨᠠᠷᠢᠨ ᠲᠣᠭᠠᠨ ᠮᠡᠳᠡᠭᠡᠯᠡᠯ ᠢ ᠠᠪᠬᠤ ᠪᠣᠯᠤᠮᠵᠢ ᠲᠠᠢ᠃
– ᠶᠡᠷᠦ ᠨᠢ ᠪᠣᠭᠣᠨᠢ ᠬᠤᠭᠤᠴᠠᠭᠠᠨ ᠤ ᠸᠢᠽ ᠢᠶᠡᠷ ᠣᠷᠣᠵᠤ ᠢᠷᠡᠭᠰᠡᠨ ᠭᠠᠳᠠᠭᠠᠳᠤ ᠶᠢᠨ ᠢᠷᠭᠡᠳ ᠦᠨ ᠬᠢᠨᠠᠯᠲᠠ ᠶᠢ ᠰᠠᠶᠢᠵᠢᠷᠠᠭᠤᠯᠬᠤ ᠲᠠᠯ᠎ᠠ ᠳᠡᠭᠡᠷ᠎ᠡ ᠬᠡᠷᠬᠢᠨ ᠠᠩᠬᠠᠷᠴᠤ ᠪᠠᠶᠢᠨ᠎ᠠ ᠪᠤᠢ︖
– 30 ᠬᠣᠨᠣᠭ ᠳᠣᠲᠣᠷ᠎ᠠ ᠢᠷᠡᠭᠰᠡᠨ ᠭᠠᠳᠠᠭᠠᠳᠤ ᠶᠢᠨ ᠢᠷᠭᠡᠳ ᠲᠦ ᠲᠠᠯᠪᠢᠬᠤ ᠪᠦᠷᠢᠳᠬᠡᠯ᠂ ᠬᠢᠨᠠᠯᠲᠠ ᠶᠢ ᠰᠠᠶᠢᠵᠢᠷᠠᠭᠤᠯᠬᠤ ᠡᠭᠦᠳᠡᠨ ᠡᠴᠡ ︽ᠭᠠᠳᠠᠭᠠᠳᠤ ᠶᠢᠨ ᠢᠷᠭᠡᠨ ᠦ ᠡᠷᠬᠡ ᠵᠦᠢ ᠶᠢᠨ ᠪᠠᠶᠢᠳᠠᠯ ᠤᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠬᠠᠤᠯᠢ ᠵᠦᠢ ᠳᠣᠲᠣᠭᠠᠳᠤ ᠬᠡᠷᠡᠭ ᠦᠨ ᠶᠠᠮᠤᠨ ᠪᠣᠯᠪᠠᠰᠤᠷᠠᠭᠤᠯᠤᠨ ᠬᠣᠯᠪᠣᠭᠳᠠᠬᠤ ᠶᠠᠮᠤᠨ᠂ ᠭᠠᠵᠠᠷ ᠤᠳ ᠠᠴᠠ ᠰᠠᠨᠠᠯ ᠠᠪᠴᠤ ᠳᠠᠭᠤᠰᠤᠭᠠᠳ ᠪᠠᠶᠢᠨ᠎ᠠ᠃ ᠬᠣᠶᠠᠷ ᠳᠣᠯᠣᠭ᠎ᠠ ᠬᠣᠨᠣᠭ ᠤᠨ ᠳᠠᠷᠠᠭ᠎ᠠ ᠪᠤᠶᠤ ᠠᠷᠪᠠᠨ ᠨᠢᠭᠡᠳᠦᠭᠡᠷ ᠰᠠᠷ᠎ᠠ ᠶᠢᠨ 13 ᠤ ᠡᠳᠦᠷ ᠦᠨ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠣᠷᠣᠭᠤᠯᠬᠤ ᠪᠠᠷ ᠲᠥᠯᠥᠪᠯᠡᠭᠡ ᠭᠠᠷᠤᠭᠰᠠᠨ᠃
ᠡᠨᠡ ᠬᠠᠤᠯᠢ ᠶᠢᠨ ᠲᠦᠰᠦᠯ ᠳᠦ ᠂ ᠭᠠᠳᠠᠭᠠᠳᠤ ᠶᠢᠨ ᠢᠷᠭᠡᠨ ᠢ ᠮᠣᠩᠭᠣᠯ ᠤᠯᠤᠰ ᠲᠤ 30 ᠬᠣᠨᠣᠭ ᠠᠴᠠ ᠶᠡᠬᠡ᠂ ᠪᠠᠭ᠎ᠠ ᠬᠤᠭᠤᠴᠠᠭ᠎ᠠ ᠪᠠᠷ ᠢᠷᠡᠬᠦ ᠡᠴᠡ ᠨᠢ ᠦᠯᠦ ᠬᠠᠮᠢᠶᠠᠷᠤᠨ ᠬᠢᠯᠢ ᠶᠢᠨ ᠪᠣᠭᠣᠮᠲᠠ ᠪᠠᠷ ᠣᠷᠣᠵᠤ ᠢᠷᠡᠩᠭᠦᠲᠡ ᠭᠠᠷ ᠬᠤᠷᠤᠭᠤᠨ ᠤ ᠬᠡ ᠶᠢ ᠠᠪᠤᠨ ᠪᠦᠷᠢᠳᠬᠡᠳᠡᠭ ᠪᠠᠶᠢᠬᠤ᠂ ᠲᠡᠳᠡᠨ ᠢ ᠤᠷᠢᠭᠰᠠᠨ ᠪᠣᠯᠤᠨ ᠵᠣᠴᠢᠳ ᠪᠠᠭᠤᠳᠠᠯ᠂ ᠣᠷᠣᠨ ᠪᠠᠶᠢᠷᠢ ᠪᠠᠷ ᠬᠠᠩᠭᠠᠭᠰᠠᠨ ᠢᠷᠭᠡᠳ 24-48 ᠴᠠᠭ ᠤᠨ ᠳᠣᠲᠣᠷ᠎ᠠ ᠮᠠᠨ ᠤ ᠪᠠᠶᠢᠭᠤᠯᠤᠯᠭ᠎ᠠ ᠳᠤ ᠪᠦᠷᠢᠳᠬᠡᠭᠦᠯᠳᠡᠭ ᠪᠠᠶᠢᠬᠤ ᠵᠣᠬᠢᠴᠠᠭᠤᠯᠤᠯᠲᠠ ᠶᠢ ᠣᠷᠣᠭᠤᠯᠵᠤ ᠪᠠᠶᠢᠭ᠎ᠠ᠃ ᠮᠥᠨ ᠮᠣᠩᠭᠣᠯ ᠤᠯᠤᠰ ᠤᠨ ᠸᠢᠽ ᠦᠨ ᠠᠩᠭᠢᠯᠠᠯ᠂ ᠲᠥᠷᠥᠯ᠂ ᠡᠷᠬᠢᠯᠡᠨ ᠣᠯᠭᠣᠬᠤ ᠪᠠᠶᠢᠭᠤᠯᠤᠯᠭ᠎ᠠ ᠶᠢ ᠣᠯᠠᠨ ᠤᠯᠤᠰ ᠤᠨ ᠵᠢᠱᠢᠭ ᠲᠦ ᠨᠡᠶᠢᠴᠡᠭᠦᠯᠦᠨ ᠦᠭᠡᠷᠡᠴᠢᠯᠡᠬᠦ ᠪᠡᠷ ᠬᠠᠤᠯᠢ ᠶᠢᠨ ᠲᠥᠰᠥᠯ ᠳᠦ ᠲᠤᠰᠬᠠᠵᠤ ᠪᠠᠶᠢᠭ᠎ᠠ᠃ ᠸᠢᠽ ᠦᠨ ᠠᠰᠠᠭᠤᠳᠠᠯ ᠬᠠᠷᠢᠭᠤᠴᠠᠭᠰᠠᠨ ᠮᠡᠷᠭᠡᠵᠢᠯ ᠦᠨ ᠠᠵᠢᠯᠲᠠᠨ ᠢ ᠳ᠋ᠢᠫᠯᠣᠮᠠᠲ ᠲᠥᠯᠥᠭᠡᠯᠡᠭᠴᠢ ᠶᠢᠨ ᠭᠠᠵᠠᠷ ᠠᠵᠢᠯᠯᠠᠭᠤᠯᠵᠤ᠂ ᠬᠢᠨᠠᠯᠲᠠ ᠲᠠᠯᠪᠢᠵᠤ ᠪᠠᠶᠢᠬᠤ ᠵᠣᠬᠢᠴᠠᠭᠤᠯᠤᠯᠲᠠ ᠶᠢ ᠮᠥᠨ ᠣᠷᠣᠭᠤᠯᠵᠤ ᠪᠠᠶᠢᠭ᠎ᠠ᠃ ᠲᠥᠰᠥᠯ ᠦᠨ ᠲᠠᠯ᠎ᠠ ᠪᠠᠷ ᠳᠡᠯᠭᠡᠷᠡᠩᠭᠦᠢ ᠮᠡᠳᠡᠭᠡᠯᠡᠯ ᠠᠪᠬᠤ ᠶᠢ ᠬᠦᠰᠡᠪᠡᠯ ᠡᠨᠡ ᠠᠷᠪᠠᠨ ᠨᠢᠭᠡᠳᠦᠭᠡᠷ ᠰᠠᠷ᠎ᠠ ᠶᠢᠨ 11 ᠍ ᠦ ᠡᠳᠦᠷ ᠬᠠᠤᠯᠢ ᠵᠦᠢ ᠶᠢᠨ ᠦᠨᠳᠦᠰᠦᠨ ᠦ ᠬᠦᠷᠢᠶᠡᠯᠡᠩ ᠳᠡᠭᠡᠷ᠎ᠡ ᠪᠣᠯᠬᠤ ᠣᠯᠠᠨ ᠨᠡᠶᠢᠲᠡ ᠶᠢᠨ ᠬᠡᠯᠡᠯᠴᠡᠭᠦᠯᠭᠡ ᠳᠦ ᠬᠦᠷᠦᠯᠴᠡᠨ ᠢᠷᠡᠵᠦ ᠪᠣᠯᠤᠨ᠎ᠠ᠃