ᠳ∙ᠭᠡᠷᠡᠯ ᠮᠡᠳᠡᠭᠡᠯᠡᠯ ᠦᠭᠴᠡᠢ | News.MN

  ᠳ∙ᠭᠡᠷᠡᠯ ᠮᠡᠳᠡᠭᠡᠯᠡᠯ ᠦᠭᠴᠡᠢ

ᠲᠠᠩᠨᠠᠭᠤᠯ ᠤᠨ ᠶᠡᠷᠦᠩᠬᠡᠢ ᠭᠠᠵᠠᠷ ᠤᠨ ᠳᠠᠷᠤᠭ᠎ᠠ  ᠳ∙ᠭᠡᠷᠡᠯ᠄ ᠪᠢᠳᠡᠨ ᠳᠦ ᠡᠨᠡ ᠣᠨ ᠤ ᠨᠠᠢᠮᠠᠳᠤᠭᠠᠷ ᠰᠠᠷ᠎ᠠ ᠠᠴᠠ ᠬᠣᠶᠢᠰᠢ ᠮᠡᠳᠡᠭᠡᠯᠡᠯ ᠠᠪᠤᠭᠳᠠᠵᠤ ᠪᠠᠶᠢᠭᠰᠠᠨ᠃ ᠡᠬᠢᠨ ᠦ ᠡᠭᠡᠯᠵᠢᠨ ᠳᠦ 80 ᠬᠦᠮᠦᠨ ᠣᠷᠣᠵᠤ ᠢᠷᠡᠭᠰᠡᠨ᠂ ᠥᠴᠥᠭᠡᠳᠦᠷ ᠦᠨ ᠪᠠᠶᠢᠳᠠᠯ ᠢᠶᠠᠷ ᠢᠯᠡᠷᠡᠭᠦᠯᠦᠭᠰᠡᠨ ᠬᠦᠮᠦᠨ ᠦ ᠲᠣᠭ᠎ᠠ 800 ᠳᠦ ᠬᠦᠷᠦᠭᠰᠡᠨ᠃ ᠡᠭᠦᠨ ᠢ ᠵᠣᠬᠢᠶᠠᠨ ᠪᠠᠶᠢᠭᠤᠯᠤᠭᠰᠠᠨ ᠬᠦᠮᠦᠨ ᠨᠢ ᠲᠣᠳᠣᠷᠬᠠᠢ ᠪᠠᠶᠢᠭ᠎ᠠ᠃ ᠲᠡᠳᠡᠭᠡᠷ ᠬᠢᠲᠠᠳ ᠢᠷᠭᠡᠳ 1000 ᠊ᠭᠠᠳ ᠺᠣᠮᠫᠢᠶᠦ᠋ᠲ᠋ᠧᠷ᠂ 10000 ᠊ᠭᠠᠳ ᠭᠠᠷ ᠤᠲᠠᠰᠤᠨ ᠤ ᠺᠠᠷᠲ ᠠᠰᠢᠭᠯᠠᠵᠤ ᠪᠠᠶᠢᠭᠰᠠᠨ᠃ ᠡᠨᠡ ᠪᠦᠬᠦᠨ ᠪᠦᠷᠢᠨ ᠬᠢᠨᠠᠯᠲᠠ ᠳᠤ ᠪᠠᠶᠢᠭ᠎ᠠ᠃ ᠠᠶᠤᠬᠤ ᠶᠠᠮᠠᠷ ᠴᠤ ᠬᠡᠷᠡᠭ ᠪᠠᠶᠢᠬᠤ ᠦᠭᠡᠢ᠃
ᠬᠢᠲᠠᠳ ᠢᠷᠭᠡᠳ ᠲᠡᠢ ᠬᠣᠯᠪᠣᠭᠠᠲᠠᠢ ᠠᠰᠠᠭᠤᠳᠠᠯ ᠢ ᠣᠳᠣ ᠶᠢᠨ ᠪᠠᠶᠢᠳᠠᠯ ᠢᠶᠠᠷ ᠮᠥᠩᠭᠥ ᠤᠬᠢᠶᠠᠬᠤ ᠭᠡᠮᠲᠦ ᠬᠡᠷᠡᠭ ᠲᠡᠢ ᠬᠣᠯᠪᠣᠭ᠎ᠠ ᠲᠠᠢ ᠭᠡᠵᠦ ᠦᠵᠡᠵᠦ ᠪᠠᠶᠢᠭ᠎ᠠ᠃ ᠮᠥᠩᠭᠥ ᠤᠬᠢᠶᠠᠬᠤ ᠨᠢ ᠲᠣᠭᠯᠠᠭᠠᠮ ᠴᠤ ᠪᠠᠶᠢᠵᠤ ᠪᠣᠯᠤᠨ᠎ᠠ᠃ ᠪᠤᠰᠤᠳ ᠬᠡᠯᠪᠡᠷᠢ ᠪᠡᠷ ᠴᠤ ᠪᠠᠶᠢᠵᠤ ᠪᠣᠯᠤᠨ᠎ᠠ᠃ ᠡᠨᠡ ᠳᠡᠭᠡᠷ᠎ᠡ ᠮᠠᠨ ᠤ ᠪᠠᠶᠢᠭᠤᠯᠤᠯᠭ᠎ᠠ ᠪᠣᠯᠤᠨ ᠴᠠᠭᠳᠠᠭ᠎ᠠ ᠶᠢᠨ ᠪᠠᠶᠢᠭᠤᠯᠤᠯᠭ᠎ᠠ ᠬᠠᠮᠲᠤᠷᠠᠭᠰᠠᠨ ᠰᠢᠯᠭᠠᠯᠲᠠ ᠶᠠᠪᠤᠭᠤᠯᠵᠤ ᠪᠠᠶᠢᠭ᠎ᠠ᠃ ᠤᠳᠤᠷᠢᠳᠴᠤ᠂ᠵᠣᠬᠢᠶᠠᠨ ᠪᠠᠶᠢᠭᠤᠯᠵᠤ ᠪᠠᠶᠢᠭ᠎ᠠ ᠬᠦᠮᠦᠰ ᠢ ᠰᠠᠭᠠᠲᠠᠭᠤᠯᠤᠭᠰᠠᠨ᠃ ᠪᠤᠰᠤᠳ ᠢ ᠨᠢ ᠪᠠᠶᠢᠷᠢᠯᠠᠵᠤ ᠪᠠᠶᠢᠭᠰᠠᠨ ᠲᠠᠪᠤᠨ ᠵᠣᠴᠢᠳ ᠪᠠᠭᠤᠳᠠᠯ ᠳᠤ ᠨᠢ ᠪᠠᠶᠢᠯᠭᠠᠵᠤ ᠪᠠᠶᠢᠭ᠎ᠠ᠃ ᠬᠢᠲᠠᠳ ᠤᠨ ᠲᠠᠯ᠎ᠠ ᠠᠴᠠ ᠳᠥᠷᠪᠡ᠂ ᠮᠠᠨ ᠤ ᠲᠠᠯ᠎ᠠ ᠠᠴᠠ ᠨᠢᠭᠡ ᠢᠷᠭᠡᠨ ᠢ ᠰᠠᠭᠠᠳᠠᠭᠤᠯᠤᠨ ᠰᠢᠯᠭᠠᠵᠤ ᠪᠠᠶᠢᠭ᠎ᠠ᠃ ᠨᠠᠢᠮᠠᠳᠤᠭᠠᠷ ᠰᠠᠷ᠎ᠠ ᠠᠴᠠ ᠬᠣᠶᠢᠰᠢ ᠵᠢᠭᠤᠯᠴᠢᠯᠠᠯ ᠤᠨ ᠸᠢᠽ ᠢᠶᠡᠷ 20-30 ᠢᠶᠠᠷ ᠢᠶᠠᠨ ᠴᠤᠪᠤᠷᠠᠵᠤ ᠣᠷᠣᠵᠤ ᠢᠷᠡᠭᠰᠡᠨ᠃ ᠲᠡᠳᠡᠭᠡᠷ ᠢᠷᠭᠡᠳ ᠵᠢᠭᠤᠯᠴᠢᠯᠠᠯ ᠤᠨ ᠸᠢᠽ ᠢᠶᠡᠷ ᠣᠷᠣᠵᠤ ᠢᠷᠡᠭᠰᠡᠨ ᠴᠤ ᠠᠵᠢᠯ ᠬᠢᠵᠦ ᠪᠠᠶᠢᠭᠰᠠᠨ᠃ ᠲᠡᠶᠢᠮᠦ ᠡᠴᠡ ᠪᠢᠳᠡ ᠠᠯᠪᠠᠳᠠᠨ ᠭᠠᠷᠭᠠᠬᠤ ᠪᠦᠷᠢᠨ ᠡᠷᠬᠡ ᠲᠡᠢ᠃

ᠰᠡᠳᠬᠢᠭᠳᠡᠯ ᠦᠯᠡᠳᠡᠭᠡᠬᠦ