ᠴ∙ᠭᠠᠩᠵᠣᠷᠢᠭ᠄ ᠬᠤᠷᠠᠯ ᠤᠨ ᠳᠠᠷᠠᠭ᠎ᠠ ᠮᠡᠳᠡᠭᠡᠯᠡᠯ ᠦᠭᠭᠦᠨ᠎ᠡ | News.MN

ᠴ∙ᠭᠠᠩᠵᠣᠷᠢᠭ᠄ ᠬᠤᠷᠠᠯ ᠤᠨ ᠳᠠᠷᠠᠭ᠎ᠠ ᠮᠡᠳᠡᠭᠡᠯᠡᠯ ᠦᠭᠭᠦᠨ᠎ᠡ

ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠦᠨ ᠳᠠᠷᠤᠭ᠎ᠠ ᠴ∙ᠭᠠᠩᠵᠣᠷᠢᠭ᠄ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ 20 ᠭᠠᠷᠤᠢ ᠠᠰᠠᠭᠤᠳᠠᠯ ᠬᠡᠯᠡᠯᠴᠡᠬᠦ ᠪᠡᠷ ᠥᠨᠥᠳᠥᠷ ᠬᠤᠷᠠᠯᠳᠤᠵᠤ ᠪᠠᠶᠢᠨ᠎ᠠ᠃ ᠡᠳᠡᠭᠡᠷ ᠠᠰᠠᠭᠤᠳᠠᠯ ᠤᠨ ᠲᠡᠭᠦᠰᠬᠡᠯ ᠳᠦ ᠬᠠᠤᠯᠢ ᠶᠢᠨ ᠪᠠᠶᠢᠭᠤᠯᠤᠯᠭ᠎ᠠ ᠨᠤᠭᠤᠳ ᠵᠠᠰᠠᠭ ᠤᠨ ᠭᠠᠵᠠᠷ ᠤᠨ ᠭᠡᠰᠢᠭᠦᠳ ᠲᠦ ᠥᠴᠥᠭᠡᠳᠦᠷ ᠦᠨ ᠭᠦᠢᠴᠡᠳᠭᠡᠬᠦ ᠠᠵᠢᠯᠯᠠᠭᠠᠨ ᠤ ᠠᠰᠠᠭᠤᠳᠠᠯ ᠢ ᠲᠠᠨᠢᠯᠴᠠᠭᠤᠯᠬᠤ ᠶᠤᠮ᠃ ᠡᠭᠦᠨ ᠦ ᠳᠠᠷᠠᠭ᠎ᠠ ᠪᠠᠷ ᠮᠡᠳᠡᠭᠡᠯᠡᠯ ᠥᠭᠭᠦᠨ᠎ᠡ᠃
ᠵᠠᠰᠠᠭ ᠤᠨ ᠭᠠᠵᠠᠷ ᠲᠤ ᠪᠠᠶᠢᠭ᠎ᠠ ᠲᠣᠳᠣᠷᠬᠠᠢ ᠮᠡᠳᠡᠭᠡᠯᠡᠯ ᠭᠡᠪᠡᠯ᠂ ᠫᠷᠣᠺᠦ᠋ᠷᠣᠷ ᠤᠨ ᠬᠢᠨᠠᠯᠲᠠ ᠳᠣᠣᠷ᠎ᠠ ᠴᠠᠭᠳᠠᠭ᠎ᠠ᠂ ᠲᠠᠩᠨᠠᠭᠤᠯ ᠤᠨ ᠠᠯᠪᠠ ᠬᠠᠭᠠᠭᠴᠢᠳ ᠭᠦᠢᠴᠡᠳᠭᠡᠬᠦ ᠠᠵᠢᠯᠯᠠᠭ᠎ᠠ ᠶᠠᠪᠤᠭᠤᠯᠤᠭᠰᠠᠨ᠃ ᠡᠨᠡ ᠬᠦᠷᠢᠶᠡᠨ ᠳᠦ ᠴᠠᠬᠢᠮ ᠭᠡᠮᠲᠦ ᠬᠡᠷᠡᠭ ᠲᠡᠢ ᠬᠣᠯᠪᠣᠭᠠᠲᠠᠢ ᠭᠡᠵᠦ ᠦᠵᠡᠨ ᠭᠠᠳᠠᠭᠠᠳᠤ ᠤᠯᠤᠰ ᠤᠨ ᠢᠷᠭᠡᠳ ᠢ ᠰᠠᠭᠠᠲᠠᠭᠤᠯᠵᠤ ᠪᠠᠶᠢᠭ᠎ᠠ᠃ ᠶᠠᠭ ᠣᠳᠣ ᠪᠠᠷ 740 ᠣᠷᠴᠢᠮ ᠭᠠᠳᠠᠭᠠᠳᠤ ᠶᠢᠨ ᠢᠷᠭᠡᠨ ᠢ ᠰᠠᠭᠠᠲᠠᠭᠤᠯᠤᠭᠰᠠᠨ ᠪᠠᠶᠢᠨ᠎ᠠ᠃ ᠭᠡᠬᠦ ᠳᠦ ᠪᠡᠨ ᠨᠡᠮᠡᠭᠳᠡᠬᠦ ᠬᠠᠨᠳᠤᠯᠭ᠎ᠠ ᠲᠠᠢ ᠪᠠᠶᠢᠨ᠎ᠠ ᠭᠡᠳᠡᠭ ᠢ ᠬᠠᠤᠯᠢ ᠶᠢᠨ ᠬᠢᠨ ᠬᠡᠯᠡᠵᠦ ᠪᠠᠶᠢᠨ᠎ᠠ᠃ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠤᠭ ᠠᠰᠠᠭᠤᠳᠠᠯ ᠢ ᠬᠡᠯᠡᠯᠴᠡᠭᠰᠡᠨ ᠦ ᠳᠠᠷᠠᠭ᠎ᠠ ᠮᠡᠳᠡᠭᠡᠯᠡᠯ ᠢ ᠬᠡᠪᠯᠡᠯ ᠦᠨ ᠬᠢᠨ ᠳᠦ ᠦᠭᠬᠦ ᠤᠴᠢᠷ ᠣᠳᠣ ᠪᠠᠷ ᠦᠢᠯᠡ ᠶᠠᠪᠤᠴᠠ ᠶᠢ ᠬᠠᠤᠯᠢ ᠶᠢᠨ ᠬᠦᠷᠢᠶᠡᠨ ᠳᠦ ᠫᠷᠣᠺᠦ᠋ᠷᠣᠷ ᠤᠨ ᠬᠢᠨᠠᠯᠲᠠ ᠳᠣᠣᠷ᠎ᠠ ᠮᠡᠳᠡᠭᠡᠯᠡᠵᠦ ᠪᠠᠶᠢᠭ᠎ᠠ ᠶᠢ ᠣᠶᠢᠯᠠᠭᠠᠨ᠎ᠠ ᠤᠤ ᠭᠡᠯ᠎ᠡ᠃

ᠰᠡᠳᠬᠢᠭᠳᠡᠯ ᠦᠯᠡᠳᠡᠭᠡᠬᠦ