ᠬᠤᠩᠺᠤᠩ ᠦᠨ ᠪᠢᠷᠵᠢ ᠳᠦ ᠲᠡᠷᠪᠤᠮ ᠳ᠋ᠣᠯᠯᠠᠷ ᠪᠣᠰᠬᠠᠨ᠎ᠠ  | News.MN

 ᠬᠤᠩᠺᠤᠩ ᠦᠨ ᠪᠢᠷᠵᠢ ᠳᠦ ᠲᠡᠷᠪᠤᠮ ᠳ᠋ᠣᠯᠯᠠᠷ ᠪᠣᠰᠬᠠᠨ᠎ᠠ 

ᠲᠥᠷᠥ ᠶᠢᠨ ᠥᠮᠴᠢ ᠶᠢᠨ ᠡᠷᠳᠡᠨᠢᠰ ᠲᠠᠪᠤᠨᠲᠣᠯᠣᠭᠠᠢ ᠺᠣᠮᠫᠠᠨᠢ ᠨᠢ ᠬᠤᠩᠺᠤᠩ ᠦᠨ ᠪᠢᠷᠵᠢ ᠳᠦ IPO ᠬᠢᠵᠦ᠂ ᠲᠡᠷᠪᠤᠮ ᠳ᠋ᠣᠯᠯᠠᠷ ᠢ ᠪᠣᠰᠬᠠᠬᠤ ᠪᠠᠷ ᠲᠥᠯᠥᠪᠯᠡᠵᠦ ᠪᠠᠶᠢᠭ᠎ᠠ ᠶᠢ ᠣᠶᠢᠷ᠎ᠠ ᠶᠢᠨ ᠡᠬᠢ ᠰᠤᠷᠪᠤᠯᠵᠢ ᠮᠡᠳᠡᠭᠡᠯᠡᠵᠡᠢ᠃ ᠺᠣᠮᠫᠠᠨᠢ ᠣᠯᠠᠨ ᠤᠯᠤᠰ ᠤᠨ ᠬᠥᠷᠥᠩᠭᠡ ᠶᠢᠨ ᠪᠢᠷᠵᠢ ᠳᠦ ᠬᠤᠪᠢᠴᠠᠭ᠎ᠠ ᠬᠤᠳᠠᠯᠳᠤᠭᠠᠯᠠᠬᠤ ᠳᠤ ᠪᠡᠯᠡᠳᠬᠡᠨ ᠵᠥᠪᠯᠡᠭᠴᠢ ᠬᠥᠯᠦᠰᠦᠯᠡᠵᠦ ᠪᠡᠯᠡᠳᠬᠡᠯ ᠢᠶᠡᠨ ᠬᠠᠩᠭᠠᠨ ᠠᠵᠢᠯᠯᠠᠵᠤ ᠪᠠᠶᠢᠭ᠎ᠠ ᠶᠤᠮ ᠪᠠᠶᠢᠨ᠎ᠠ ᠃ ᠣᠳᠣ ᠪᠠᠷ ᠬᠤᠪᠢᠴᠠᠭ᠎ᠠ ᠭᠠᠷᠭᠠᠬᠤ ᠶᠠᠪᠤᠴᠠ ᠡᠬᠢᠨ ‍ᠣ ᠱᠠᠲᠤᠨ ᠳᠤ ᠪᠠᠨ ᠪᠠᠶᠢᠭ᠎ᠠ ᠤᠴᠢᠷ᠂ ᠬᠡᠮᠵᠢᠶ᠎ᠡ᠂ ᠴᠠᠭ ᠬᠤᠭᠤᠴᠠᠭᠠᠨ ᠳᠤ ᠥᠭᠡᠷᠡᠴᠢᠯᠡᠯᠲᠡ ᠣᠷᠣᠵᠤ ᠮᠠᠭᠠᠳ ᠦᠭᠡᠢ ᠬᠡᠮᠡᠨ ᠡᠬᠢ ᠰᠤᠷᠪᠤᠯᠵᠢ ᠮᠡᠳᠡᠭᠡᠯᠡᠵᠡᠢ᠃
ᠡᠨᠡ ᠨᠢ ᠲᠠᠪᠤᠨᠲᠣᠯᠣᠭᠠᠢ ᠣᠷᠳᠣ ᠶᠢ ᠬᠥᠭᠵᠢᠭᠦᠯᠬᠦ ᠶᠢᠨ ᠲᠤᠯᠠᠳᠠ ᠮᠥᠩᠭᠥ ᠪᠣᠰᠬᠠᠬᠤ ᠭᠤᠷᠪᠠᠳᠠᠬᠢ ᠣᠷᠣᠯᠳᠤᠯᠭ᠎ᠠ ᠃ 2012 ᠣᠨ ᠳᠤ ᠭᠤᠷᠪᠠᠨ ᠲᠡᠷᠪᠤᠮ ᠤᠨ ᠣᠯᠠᠨ ᠤᠯᠤᠰ ᠤᠨ ᠬᠤᠪᠢᠴᠠᠭ᠎ᠠ ᠬᠤᠳᠠᠯᠳᠤᠭᠠᠯᠠᠬᠤ ᠪᠠᠷ ᠲᠥᠯᠥᠪᠯᠡᠭᠰᠡᠨ ᠪᠣᠯᠪᠠᠴᠤ ᠵᠠᠰᠠᠭ ᠤᠨ ᠭᠠᠵᠠᠷ ᠠᠴᠠ ᠤᠷᠳᠤ ᠶᠢᠨ ᠬᠥᠷᠥᠩᠭᠡ ᠣᠷᠣᠭᠤᠯᠤᠯᠲᠠ ᠶᠢᠨ ᠲᠥᠯᠥᠪᠯᠡᠭᠡ ᠶᠢ ᠥᠭᠡᠷᠡᠴᠢᠯᠡᠭᠰᠡᠨ ᠢᠶᠡᠷ ᠬᠡᠷᠡᠭᠵᠢᠭᠡ ᠦᠭᠡᠢ᠃ ᠳᠠᠷᠠᠭ᠎ᠠ ᠨᠢ ᠬᠢᠲᠠᠳ ᠤᠨ  ᠱᠸᠨ ᠬᠤᠸᠠ ᠡᠷᠴᠢᠮ ᠬᠦᠴᠦ ᠺᠣᠮᠫᠠᠨᠢ᠂ ᠶᠠᠫᠣᠨ ᠤ ᠰᠦᠮᠢᠲ᠋ᠤᠮᠤ᠋ ᠺᠤᠷᠫᠤᠷᠠᠼ ᠲᠠᠢ ᠬᠠᠮᠲᠤᠷᠠᠭᠰᠠᠨ ᠺᠤᠨᠰᠸᠷᠼᠢᠦᠮ ᠪᠠᠶᠢᠭᠤᠯᠤᠨ ᠳᠥᠷᠪᠡᠨ ᠲᠡᠷᠪᠤᠮ ᠳ᠋ᠣᠯᠯᠠᠷ ᠤᠨ ᠬᠥᠷᠥᠩᠭᠡ ᠣᠷᠣᠭᠤᠯᠤᠯᠲᠠ ᠲᠠᠲᠠᠬᠤ ᠲᠥᠯᠥᠪᠯᠡᠭᠡ ᠮᠥᠨ ᠯᠠ 2015 ᠣᠨ ᠳᠤ ᠵᠠᠰᠠᠭ ᠤᠨ ᠭᠠᠵᠠᠷ ᠤᠷᠤᠯᠴᠠᠭᠰᠠᠨ ᠢᠶᠠᠷ ᠵᠣᠭᠰᠣᠵᠠᠢ᠃

ᠰᠡᠳᠬᠢᠭᠳᠡᠯ ᠦᠯᠡᠳᠡᠭᠡᠬᠦ