ᠳ᠋ᠤᠯᠯᠠᠷ ᠤᠨ ᠳᠠᠭᠤᠳᠠᠯᠭ᠎ᠠ ᠬᠤᠳᠠᠯᠳᠤᠭ᠎ᠠ ᠵᠣᠬᠢᠶᠠᠨ ᠪᠠᠶᠢᠭᠤᠯᠤᠯ᠎ᠠ  | News.MN

 ᠳ᠋ᠤᠯᠯᠠᠷ ᠤᠨ ᠳᠠᠭᠤᠳᠠᠯᠭ᠎ᠠ ᠬᠤᠳᠠᠯᠳᠤᠭ᠎ᠠ ᠵᠣᠬᠢᠶᠠᠨ ᠪᠠᠶᠢᠭᠤᠯᠤᠯ᠎ᠠ 

ᠮᠣᠩᠭᠣᠯ ᠪᠠᠩᠭᠢ ᠠᠴᠠ ᠲᠥᠭᠥᠷᠢᠭ ᠦᠨ ᠭᠠᠳᠠᠭᠠᠳᠤ ᠸᠠᠯᠢᠶᠤᠲ ᠲᠠᠢ ᠬᠠᠷᠢᠴᠠᠬᠤ ᠬᠠᠩᠰᠢ ᠰᠡᠭᠦᠯ ᠦᠨ ᠡᠳᠦᠷ ᠦᠳ ᠲᠦ ᠰᠤᠯᠠᠷᠠᠭᠰᠠᠨ ᠨᠢ ᠲᠦᠷ ᠵᠠᠭᠤᠷ᠎ᠠ ᠶᠢᠨ ᠰᠢᠨᠵᠢ ᠲᠡᠢ ᠭᠡᠵᠦ ᠦᠵᠡᠵᠦ ᠪᠠᠶᠢᠭ᠎ᠠ ᠶᠤᠮ᠃ ᠡᠨᠡᠬᠦ ᠨᠥᠬᠥᠴᠡᠯ ᠪᠠᠶᠢᠳᠠᠯ ᠳᠠᠭᠠᠮᠵᠢᠷᠠᠬᠤ ᠠᠴᠠ ᠤᠷᠢᠳᠴᠢᠯᠠᠨ ᠰᠡᠷᠭᠡᠶᠢᠯᠡᠵᠦ ᠂ ᠲᠥᠪ ᠪᠠᠩᠬᠢᠨ ᠠᠴᠠ10.30 ᠳᠤ ᠡᠭᠡᠯᠵᠢᠲᠦ ᠪᠤᠰᠤ ᠭᠠᠳᠠᠭᠠᠳᠤ ᠸᠠᠯᠢᠶᠤᠲ ᠤᠨ ᠳᠠᠭᠤᠳᠠᠯᠭ᠎ᠠ ᠬᠤᠳᠠᠯᠳᠤᠭ᠎ᠠ ᠵᠣᠬᠢᠶᠠᠨ ᠪᠠᠶᠢᠭᠤᠯᠤᠯ᠎ᠠ᠃ ᠪᠠᠩᠬᠢ ᠨᠤᠭᠤᠳ 100 ᠰᠠᠶ᠎ᠠ ᠳ᠋ᠣᠯᠯᠠᠷ ᠬᠤᠳᠠᠯᠳᠤᠨ ᠠᠪᠬᠤ ᠰᠠᠨᠠᠯ  ᠢᠷᠡᠭᠦᠯᠦᠭᠰᠡᠨ ᠢ ᠮᠣᠩᠭᠣᠯ ᠪᠠᠩᠬᠢ ᠪᠦᠷᠢᠨ ᠪᠡᠶᠡᠯᠡᠭᠦᠯᠵᠦ᠂ 2698.54 ᠲᠥᠭᠥᠷᠢᠭ ᠦᠨ ᠵᠢᠩᠨᠡᠭᠰᠡᠨ ᠳᠤᠮᠳᠠᠴᠢ ᠬᠠᠩᠰᠢ ᠲᠠᠢ ᠪᠠᠷ 100 ᠰᠠᠶ᠎ᠠ ᠳ᠋ᠣᠯᠯᠠᠷ ᠢ ᠨᠡᠶᠢᠯᠡᠭᠦᠯᠦᠭᠰᠡᠨ ᠪᠠᠶᠢᠨ᠎ᠠ᠃
ᠴᠢᠨᠠᠭᠰᠢᠳᠠ ᠮᠣᠩᠭᠣᠯ  ᠪᠠᠩᠭᠢ ᠲᠥᠭᠥᠷᠢᠭ ᠦᠨ ᠬᠠᠩᠰᠢ ᠳᠤ ᠤᠭᠵᠤᠮ ᠬᠡᠯᠪᠡᠯᠵᠡᠯ ᠡᠭᠦᠰᠬᠡᠬᠦ ᠦᠭᠡᠢ ᠪᠠᠶᠢᠬᠤ ᠳᠤ ᠴᠢᠭᠯᠡᠭᠰᠡᠨ ᠠᠷᠭ᠎ᠠ ᠬᠡᠮᠵᠢᠶ᠎ᠡ ᠶᠢ ᠦᠷᠭᠦᠯᠵᠢᠯᠡᠭᠦᠯᠦᠨ ᠠᠪᠴᠤ ᠬᠡᠷᠡᠭᠵᠢᠭᠦᠯᠦᠨ᠎ᠡ ᠭᠡᠵᠦ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ