ᠦᠨᠳᠦᠰᠦᠨ ᠦ ᠺᠣᠮᠫᠠᠨᠢ ᠴᠠᠬᠢᠯᠭᠠᠨ ᠰᠲ᠋ᠠᠨᠼ ᠪᠠᠷᠢᠨ᠎ᠠ  | News.MN

ᠦᠨᠳᠦᠰᠦᠨ ᠦ ᠺᠣᠮᠫᠠᠨᠢ ᠴᠠᠬᠢᠯᠭᠠᠨ ᠰᠲ᠋ᠠᠨᠼ ᠪᠠᠷᠢᠨ᠎ᠠ 

ᠲᠥᠷᠥ ᠡᠴᠡ ᠡᠷᠴᠢᠮ ᠬᠦᠴᠦᠨ ᠦ ᠲᠠᠯ᠎ᠠ ᠪᠠᠷ ᠪᠠᠷᠢᠮᠲᠠᠯᠠᠬᠤ ᠪᠣᠳᠣᠯᠭ᠎ᠠ ᠶᠢᠨ ᠬᠦᠷᠢᠶᠡᠨ ᠳᠦ ᠤᠯᠤᠰ ᠤᠨ ᠶᠡᠬᠡ ᠬᠤᠷᠠᠯ᠂  ᠵᠠᠰᠠᠭ ᠤᠨ ᠭᠠᠵᠠᠷ ᠠᠴᠠ 2010-2018 ᠣᠨ ᠳᠤ ︽ᠲᠥᠷᠥ ᠡᠴᠡ ᠡᠷᠴᠢᠮ ᠬᠦᠴᠦᠨ ᠦ ᠲᠠᠯ᠎ᠠ ᠪᠠᠷ ᠪᠠᠷᠢᠮᠲᠠᠯᠠᠬᠤ ᠪᠣᠳᠣᠯᠭ᠎ᠠ ᠶᠢᠨ ᠪᠠᠷᠢᠮᠲᠠ ᠪᠢᠴᠢᠭ︾᠂  ︽ᠡᠮᠦᠨᠡᠲᠦ ᠭᠣᠪᠢ ᠶᠢᠨ ᠳᠡᠳ᠋ ᠪᠦᠲᠦᠴᠡ ᠶᠢ ᠬᠥᠭᠵᠢᠭᠦᠯᠬᠦ ᠪᠠᠷᠢᠮᠲᠠ ᠪᠢᠴᠢᠭ︾᠂ ︽ᠲᠠᠪᠤᠨᠲᠤᠯᠤᠭᠠᠢ ᠶᠢᠨ ᠴᠠᠬᠢᠯᠭᠠᠨ ᠰᠲ᠋ᠠᠨᠼ ᠪᠠᠷᠢᠬᠤ︾ ᠲᠥᠰᠥᠯ ᠵᠡᠷᠭᠡ ᠬᠡᠳᠦ ᠬᠡᠳᠦᠨ ᠪᠣᠳᠣᠯᠭ᠎ᠠ ᠶᠢᠨ ᠪᠠᠷᠢᠮᠲᠠ ᠪᠢᠴᠢᠭ ᠭᠠᠷᠭᠠᠵᠤ᠂ ᠲᠥᠷᠥ ᠬᠤᠪᠢ ᠶᠢᠨ ᠬᠡᠪᠰᠢᠯ ᠦᠨ ᠲᠦᠩᠰᠢᠯᠡᠯ ᠦᠨ ᠵᠠᠷᠴᠢᠮ ᠢᠶᠠᠷ ᠴᠠᠬᠢᠯᠭᠠᠨ ᠰᠲ᠋ᠠᠨᠼ ᠪᠠᠷᠢᠵᠤ 2023 ᠣᠨ ᠳᠤ ᠠᠰᠢᠭᠯᠠᠯᠲᠠ ᠳᠤ ᠣᠷᠣᠭᠤᠯᠬᠤ ᠪᠠᠷ ᠲᠤᠰᠬᠠᠭᠰᠠᠨ᠃
ᠤᠭ᠍ᠶᠤᠲᠤᠯᠤᠭᠠᠢ᠂ ᠲᠠᠪᠤᠨᠲᠣᠯᠣᠭᠠᠢ ᠶᠢᠨ ᠪᠦᠯᠦᠭ ᠣᠷᠳᠣ ᠶᠢ ᠲᠦᠰᠢᠭᠯᠡᠨ MCS ᠺᠣᠮᠫᠠᠨᠢ ᠲᠠᠪᠤᠨᠲᠤᠯᠤᠭᠠᠢ ᠶᠢᠨ ᠴᠠᠬᠢᠯᠭᠠᠨ ᠰᠲ᠋ᠠᠨᠼ ᠂  ᠨᠢᠦᠺᠤᠮ ᠺᠣᠮᠫᠠᠨᠢ ᠰᠡᠷᠭᠦᠭᠡᠭᠳᠡᠬᠦ ᠡᠷᠴᠢᠮ ᠬᠦᠴᠦᠨ ᠦ ᠴᠠᠬᠢᠯᠭᠠᠨ ᠰᠲ᠋ᠠᠨᠼ ᠍ ᠪᠠᠶᠢᠭᠤᠯᠬᠤ ᠪᠠᠷ ᠲᠤᠰ ᠲᠤᠰ ᠲᠥᠰᠥᠯ ᠪᠣᠯᠪᠠᠰᠤᠷᠠᠭᠤᠯᠵᠠᠢ᠃  MCS ᠺᠣᠮᠫᠠᠨᠢ ᠪᠦᠲᠦᠭᠡᠨ ᠪᠠᠶᠢᠭᠤᠯᠤᠯᠲᠠ ᠶᠢ 2020 ᠣᠨ ᠤ ᠭᠤᠷᠪᠠᠳᠤᠭᠠᠷ ᠰᠠᠷ᠎ᠠ ᠳᠤ ᠡᠬᠢᠯᠡᠭᠦᠯᠵᠦ᠂ 2023 ᠣᠨ ᠳᠤ ᠠᠰᠢᠭᠯᠠᠯᠲᠠ ᠳᠤ ᠬᠦᠯᠢᠶᠡᠯᠭᠡᠨ ᠥᠭᠬᠦ ᠪᠣᠯᠤᠮᠵᠢ ᠲᠠᠢ᠂ ᠨᠢᠤᠺᠤᠮ ᠺᠣᠮᠫᠠᠨᠢ ᠪᠦᠲᠦᠭᠡᠨ ᠪᠠᠶᠢᠭᠤᠯᠤᠯᠲᠠ ᠶᠢ 2022 ᠣᠨ ᠳᠤ ᠳᠠᠭᠤᠰᠬᠠᠨ᠎ᠠ ᠭᠡᠵᠤ ᠵᠠᠰᠠᠭ ᠤᠨ ᠭᠠᠵᠠᠷ ᠲᠤ ᠲᠠᠨᠢᠯᠴᠠᠭᠤᠯᠵᠠᠢ ᠃

ᠰᠡᠳᠬᠢᠭᠳᠡᠯ ᠦᠯᠡᠳᠡᠭᠡᠬᠦ