︽ᠶᠡᠬᠡ ᠨᠡᠭᠦᠳᠡᠯ︾ ᠲᠡᠮᠡᠴᠡᠭᠡᠨ ᠦ ᠠᠪᠤᠷᠭᠤ ᠨᠤᠭᠤᠳ ᠲᠣᠳᠣᠷᠠᠯ᠎ᠠ  | News.MN

 ︽ᠶᠡᠬᠡ ᠨᠡᠭᠦᠳᠡᠯ︾ ᠲᠡᠮᠡᠴᠡᠭᠡᠨ ᠦ ᠠᠪᠤᠷᠭᠤ ᠨᠤᠭᠤᠳ ᠲᠣᠳᠣᠷᠠᠯ᠎ᠠ 

ᠨᠡᠶᠢᠰᠯᠡᠯ ᠬᠣᠲᠠ ᠡᠭᠦᠰᠦᠨ ᠪᠠᠶᠢᠭᠤᠯᠤᠭᠳᠠᠭᠰᠠᠨ ᠤ 380 ᠵᠢᠯ ᠦᠨ ᠣᠢ ᠶᠢᠨ ᠬᠦᠷᠢᠶᠡᠨ ᠳᠦ ᠵᠠᠰᠠᠭ ᠳᠠᠷᠤᠭ᠎ᠠ ᠶᠢᠨ ᠨᠡᠷᠡᠮᠵᠢᠲᠦ ᠨᠡᠶᠢᠰᠯᠡᠯ ᠦᠨ ᠠᠪᠤᠷᠭᠤ ᠰᠢᠯᠭᠠᠷᠠᠭᠤᠯᠬᠤ ᠥᠰᠪᠦᠷᠢ ᠶᠢᠨ ᠰᠢᠲᠠᠷᠠᠴᠢᠳ ᠤᠨ ︽ᠶᠡᠬᠡ ᠨᠡᠭᠦᠳᠡᠯ︾ ᠲᠡᠮᠡᠴᠡᠭᠡᠨ ᠠᠷᠪᠠᠳᠤᠭᠠᠷ ᠰᠠᠷ᠎ᠠ ᠶᠢᠨ 29 ᠍ ᠦ ᠡᠳᠦᠷ ᠠᠮᠵᠢᠯᠲᠠᠲᠠᠢ ᠵᠣᠬᠢᠶᠠᠨ ᠪᠠᠶᠢᠭᠤᠯᠤᠭᠳᠠᠯ᠎ᠠ᠃ ᠲᠤᠰ ᠲᠡᠮᠡᠴᠡᠭᠡᠨ ᠭᠤᠷᠪᠠᠨ ᠦᠶ᠎ᠡ ᠱᠠᠲᠤ ᠲᠠᠢ ᠶᠠᠪᠤᠭᠳᠠᠳᠠᠭ ᠪᠥᠭᠡᠳ ᠨᠢᠭᠡᠳᠦᠭᠡᠷ ᠱᠠᠲᠤ ᠪᠤᠶᠤ ᠰᠤᠷᠭᠠᠭᠤᠯᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠨᠡᠶᠢᠰᠯᠡᠯ ᠦᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ 6000 ᠭᠠᠷᠤᠢ ᠪᠦᠯᠦᠭ ᠦᠨ 30 ᠭᠠᠷᠤᠢ ᠮᠢᠩᠭᠠᠨ ᠰᠤᠷᠤᠭᠴᠢ᠂  ᠬᠤᠶᠠᠳᠤᠭᠠᠷ ᠱᠠᠲᠤ ᠪᠤᠶᠤ ᠳᠡᠭᠦᠷᠭᠡ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ 9 ᠳᠡᠭᠦᠷᠭᠡ ᠶᠢᠨ 98 ᠰᠤᠷᠭᠠᠭᠤᠯᠢ ᠶᠢᠨ 2376 ᠰᠤᠷᠤᠭᠴᠢᠳ᠂  ᠭᠤᠷᠪᠠᠳᠤᠭᠠᠷ ᠱᠠᠲᠤ ᠪᠤᠶᠤ ᠨᠡᠶᠢᠰᠯᠡᠯ ᠦᠨ ᠰᠢᠭᠰᠢᠭᠡ ᠲᠡᠮᠡᠴᠡᠭᠡᠨ ᠳᠦ 9 ᠳᠡᠭᠦᠷᠭᠡ ᠡᠴᠡ ᠰᠢᠯᠭᠠᠷᠠᠭᠰᠠᠨ 18 ᠪᠠᠭ ᠤᠨ 432 ᠬᠡᠦᠬᠡᠳ ᠤᠷᠠᠨ ᠨᠡᠭᠦᠳᠡᠯ᠂ ᠣᠶᠤᠨ ᠤᠬᠠᠭᠠᠨ ᠢᠶᠠᠷ ᠢᠶᠠᠨ ᠥᠷᠢᠰᠦᠯᠳᠦᠨ ᠠᠪᠤᠷᠭᠤ ᠰᠢᠲᠠᠷᠠᠴᠢᠨ ᠪᠠᠭ ᠤᠳ ᠲᠣᠳᠣᠷᠠᠯ᠎ᠠ᠃
ᠨᠢᠭᠡᠳᠦᠭᠡᠷ ᠪᠠᠶᠢᠷᠢ ᠶᠢ ᠪᠠᠶᠠᠨᠵᠢᠷᠦᠬᠡ ᠳᠡᠭᠦᠷᠭᠡ ᠶᠢᠨ 33 ᠳ᠋ᠤᠭᠠᠷ ᠰᠤᠷᠭᠠᠭᠤᠯᠢ᠂ ᠬᠤᠶᠠᠳᠤᠭᠠᠷ ᠪᠠᠶᠢᠷᠢ ᠶᠢ   ᠪᠠᠶᠠᠩᠭᠤᠤᠯ ᠳᠡᠭᠦᠷᠭᠡ ᠶᠢᠨ ︽ᠮᠣᠩᠭᠧᠨᠢ︾ ᠴᠣᠭᠴᠠᠯᠠᠪᠤᠷᠢ ᠰᠤᠷᠭᠠᠭᠤᠯᠢ᠂ ᠭᠤᠷᠪᠠᠳᠤᠭᠠᠷ ᠪᠠᠶᠢᠷᠢ ᠶᠢ ᠪᠠᠭᠠᠨᠠᠭᠤᠷ ᠳᠡᠭᠦᠷᠭᠡ ᠶᠢᠨ ︽ᠪᠣᠯᠪᠠᠰᠤᠷᠠᠯ︾ ᠴᠣᠭᠴᠠᠯᠠᠪᠤᠷᠢ ᠰᠤᠷᠭᠠᠭᠤᠯᠢ ᠡᠵᠡᠯᠡᠪᠡ᠃

ᠰᠡᠳᠬᠢᠭᠳᠡᠯ ᠦᠯᠡᠳᠡᠭᠡᠬᠦ