ᠬᠦᠢᠰᠦ ᠶᠢᠨ ᠲᠡᠭᠰᠢ ᠪᠠᠶᠢᠳᠠᠯ ᠤᠨ ᠠᠭᠤᠯᠵᠠᠯᠲᠠ ᠶᠢ ᠲᠣᠭᠲᠠᠮᠠᠯᠵᠢᠭᠤᠯᠤᠨ᠎ᠠ  | News.MN

  ᠬᠦᠢᠰᠦ ᠶᠢᠨ ᠲᠡᠭᠰᠢ ᠪᠠᠶᠢᠳᠠᠯ ᠤᠨ ᠠᠭᠤᠯᠵᠠᠯᠲᠠ ᠶᠢ ᠲᠣᠭᠲᠠᠮᠠᠯᠵᠢᠭᠤᠯᠤᠨ᠎ᠠ 

ᠭᠠᠳᠠᠭᠠᠳᠤ ᠬᠠᠷᠢᠯᠴᠠᠭᠠᠨ ᠤ ᠶᠠᠮᠤᠨ᠂  ᠬᠦᠢᠰᠤ ᠴᠢᠨᠠᠷ ᠦᠨ ᠦᠨᠳᠦᠰᠦᠨ ᠦ ᠬᠣᠷᠢᠶ᠎ᠠ ᠬᠦᠢᠰᠤ ᠴᠢᠨᠠᠷ  ᠦᠨ ᠲᠠᠯ᠎ᠠ ᠪᠠᠷ ᠮᠣᠩᠭᠣᠯ ᠤᠯᠤᠰ ᠳᠠᠬᠢ ᠬᠥᠭᠵᠢᠯ ᠦᠨ ᠲᠦᠩᠱᠢᠯᠡᠭᠴᠢᠳ ᠲᠡᠢ ᠠᠭᠤᠯᠵᠠᠯᠲᠠ ᠵᠣᠬᠢᠶᠠᠨ ᠪᠠᠶᠢᠭᠤᠯᠤᠯ᠎ᠠ᠃ ᠠᠭᠤᠯᠵᠠᠯᠲᠠ ᠪᠠᠷ ᠬᠦᠢᠰᠤ ᠶᠢᠨ ᠲᠠᠯ᠎ᠠ ᠪᠠᠷ ᠬᠡᠷᠡᠭᠵᠢᠭᠦᠯᠵᠦ ᠪᠤᠢ ᠲᠥᠰᠥᠯ ᠬᠥᠲᠥᠯᠪᠦᠷᠢ ᠶᠢᠨ ᠨᠢᠭᠡᠳᠦᠮᠡᠯ ᠪᠠᠶᠢᠳᠠᠯ ᠢ ᠬᠠᠩᠭᠠᠬᠤ ᠲᠠᠯ᠎ᠠ ᠪᠠᠷ ᠬᠠᠷᠢᠯᠴᠠᠨ ᠮᠡᠳᠡᠭᠡᠯᠡᠯ ᠰᠤᠯᠢᠯᠴᠠᠪᠠ᠃ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ ᠠᠭᠤᠯᠵᠠᠯᠲᠠ ᠶᠢ ᠨᠡᠭᠡᠭᠡᠵᠦ ᠬᠡᠯᠡᠬᠦ ᠳᠦ ᠪᠡᠨ᠄ ᠬᠦᠢᠰᠦ ᠶᠢᠨ ᠲᠡᠭᠰᠢ ᠪᠠᠶᠢᠳᠠᠯ ᠢ ᠬᠠᠩᠭᠠᠬᠤ ᠨᠢ ᠬᠦᠮᠦᠨ ᠦ ᠡᠷᠬᠡ ᠳᠦ ᠰᠠᠭᠤᠷᠢᠯᠠᠭᠰᠠᠨ ᠬᠥᠭᠵᠢᠯ ᠦᠨ ᠰᠠᠯᠤᠰᠢ ᠦᠭᠡᠢ ᠬᠡᠰᠡᠭ᠂ ᠦᠨᠳᠦᠰᠦᠨ ᠠᠷᠭ᠎ᠠ ᠵᠠᠮ ᠪᠣᠯᠬᠤ ᠶᠢ ᠮᠠᠨ ᠤ ᠵᠠᠰᠠᠭ ᠤᠨ ᠭᠠᠵᠠᠷ ᠬᠦᠯᠢᠶᠡᠨ  ᠵᠦᠪᠰᠢᠶᠡᠷᠡᠵᠦ᠂ ᠬᠥᠭᠵᠢᠯ ᠦᠨ ᠪᠦᠬᠦᠢ ᠯᠠ ᠪᠣᠳᠣᠯᠭ᠎ᠠ᠂ ᠦᠢᠯᠡ ᠠᠵᠢᠯᠯᠠᠭᠠᠨ ᠳᠤ  ᠬᠦᠢᠰᠤ ᠶᠢᠨ ᠦᠵᠡᠯ ᠪᠠᠷᠢᠮᠲᠠᠯᠠᠯ᠂ ᠠᠷᠭ᠎ᠠ ᠪᠠᠷᠢᠯ ᠢ ᠨᠡᠪᠲᠡᠷᠡᠭᠦᠯᠬᠦ ᠶᠢ ᠵᠣᠷᠢᠵᠤ ᠪᠠᠶᠢᠨ᠎ᠠ ᠭᠡᠪᠡ᠃
ᠲᠡᠷᠡ ᠪᠡᠷ ᠠᠮᠵᠢᠯᠲᠠ ᠣᠯᠤᠯᠲᠠ ᠪᠠᠨ ᠪᠠᠲᠤᠳᠬᠠᠨ᠂ ᠬᠦᠢᠰᠤ ᠶᠢᠨ ᠠᠰᠠᠭᠤᠳᠠᠯ ᠳᠤ ᠰᠢᠨ᠎ᠡ ᠲᠤᠲᠤᠮ  ᠲᠤᠯᠭᠠᠷᠠᠵᠤ ᠪᠤᠢ ᠵᠦᠢᠯ ᠳᠦ ᠰᠢᠢᠳᠦᠯ ᠣᠯᠬᠤ ᠳᠤ ᠪᠢᠳᠡᠨ ᠳᠦ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ᠂ ᠲᠤᠰᠠᠯᠠᠯᠴᠠᠭ᠎ᠠ ᠤᠷᠢᠳᠤ ᠶᠢᠨ ᠠᠳᠠᠯᠢ ᠴᠢᠬᠤᠯᠠ ᠪᠠᠶᠢᠨ᠎ᠠ ᠭᠡᠳᠡᠭ ᠢ  ᠲᠡᠮᠳᠡᠭᠯᠡᠯ᠎ᠡ ᠃

ᠰᠡᠳᠬᠢᠭᠳᠡᠯ ᠦᠯᠡᠳᠡᠭᠡᠬᠦ