ᠲᠥᠷᠦᠯᠵᠢᠭᠦᠯᠦᠭᠰᠡᠨ ᠴᠡᠷᠢᠭ ᠦᠨ ᠠᠯᠪᠠ ᠶᠢ ᠪᠡᠬᠢᠵᠢᠭᠦᠯᠦᠨ᠎ᠡ  | News.MN

ᠲᠥᠷᠦᠯᠵᠢᠭᠦᠯᠦᠭᠰᠡᠨ ᠴᠡᠷᠢᠭ ᠦᠨ ᠠᠯᠪᠠ ᠶᠢ ᠪᠡᠬᠢᠵᠢᠭᠦᠯᠦᠨ᠎ᠡ 

ᠵᠠᠰᠠᠭ ᠤᠨ ᠭᠠᠵᠠᠷ ᠤᠨ ᠬᠤᠷᠠᠯᠳᠤᠭᠠᠨ ᠠᠴᠠ ︽ ᠵᠡᠪᠰᠡᠭᠲᠦ ᠬᠦᠴᠦᠨ ᠦ ᠲᠤᠬᠠᠢ︾ ᠬᠠᠤᠯᠢ ᠳᠤ ᠵᠠᠷᠢᠮ ᠨᠡᠮᠡᠯᠲᠡ ᠥᠭᠡᠷᠡᠴᠢᠯᠡᠯᠲᠡ ᠤᠷᠤᠭᠤᠯᠬᠤ ᠨᠢ ᠵᠦᠢᠲᠡᠢ ᠬᠡᠮᠡᠨ ᠦᠵᠡᠵᠦ ᠂ ᠨᠡᠮᠡᠯᠲᠡ ᠥᠭᠡᠷᠡᠴᠢᠯᠡᠯᠲᠡ ᠶᠢᠨ ᠬᠠᠤᠯᠢ ᠶᠢᠨ ᠲᠥᠰᠥᠯ ᠢ ᠪᠣᠯᠪᠠᠰᠤᠷᠠᠭᠤᠯᠵᠤ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠪᠡᠷ ᠪᠣᠯᠪᠠ᠃ ᠬᠠᠤᠯᠢ ᠶᠢᠨ ᠲᠥᠰᠥᠯ ᠳᠦ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠳᠦ ᠪᠠᠶᠢᠭ᠎ᠠ ᠪᠠᠷᠢᠯᠭ᠎ᠠ᠂ ᠢᠨᠵᠧᠨᠧᠷ ᠦᠨ ᠨᠢᠭᠡᠴᠡ ᠶᠢ ᠥᠷᠭᠡᠵᠢᠭᠦᠯᠦᠨ ᠪᠡᠶ᠎ᠡ  ᠳᠠᠭᠠᠭᠠᠭᠰᠠᠨ ᠲᠥᠷᠥᠯ ᠦᠨ ᠴᠡᠷᠢᠭ ᠦᠨ ᠬᠡᠮᠵᠢᠶᠡᠨ ᠳᠦ ᠪᠡᠬᠢᠵᠢᠭᠦᠯᠬᠦ ᠪᠣᠯᠤᠨ ᠤᠯᠤᠰ ᠣᠷᠣᠨ ᠤ ᠺᠢᠪᠧᠷ ᠣᠷᠣᠨ ᠵᠠᠢ ᠶᠢ ᠬᠠᠮᠠᠭᠠᠯᠠᠬᠤ ᠴᠢᠭ ᠡᠭᠦᠷᠭᠡ ᠪᠦᠬᠦᠢ ᠺᠢᠪᠧᠷ ᠴᠡᠷᠢᠭ ᠪᠤᠢ ᠪᠣᠯᠭᠠᠬᠤ ᠡᠷᠬᠡ ᠵᠦᠢ ᠶᠢᠨ ᠰᠢᠨ᠎ᠡ ᠵᠣᠬᠢᠴᠠᠭᠤᠯᠤᠯᠲᠠ ᠣᠷᠣᠭᠤᠯᠬᠤ ᠪᠠᠷ ᠲᠥᠯᠥᠪᠯᠡᠵᠦ ᠪᠠᠶᠢᠨ᠎ᠠ᠃
ᠮᠥᠨ ᠵᠡᠪᠰᠡᠭᠲᠦ ᠬᠦᠴᠦᠨ ᠦ ᠪᠡᠯᠡᠨ ᠪᠠᠶᠢᠳᠠᠯ ᠢ ᠠᠯᠳᠠᠭᠳᠠᠭᠤᠯᠬᠤ ᠦᠭᠡᠢ ᠪᠡᠷ ᠪᠡᠶ᠎ᠡ ᠪᠦᠷᠢᠯᠳᠦᠬᠦᠨ᠂ ᠲᠧᠭᠨᠢᠭ ᠬᠡᠷᠡᠭᠰᠡᠯ ᠢ ᠤᠯᠤᠰ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠣᠷᠤᠯᠴᠠᠭᠤᠯᠵᠤ ᠪᠤᠢ ᠲᠠᠢ ᠬᠣᠯᠪᠣᠭᠳᠠᠭᠤᠯᠤᠨ ᠴᠢᠨᠠᠭᠰᠢᠳᠠ ᠤᠯᠤᠰ ᠣᠷᠣᠨ ᠤ ᠲᠣᠮᠣᠬᠠᠨ ᠪᠦᠲᠦᠭᠡᠨ ᠪᠠᠶᠢᠭᠤᠯᠤᠯᠲᠠ ᠨᠤᠭᠤᠳ ᠲᠤ ᠴᠡᠷᠢᠭ ᠦᠨ ᠠᠯᠪᠠᠨ ᠬᠠᠭᠠᠭᠴᠢᠳ ᠢ ᠳᠠᠶᠢᠴᠢᠯᠠᠨ ᠣᠷᠤᠯᠴᠠᠭᠤᠯᠬᠤ ᠡᠭᠦᠳᠡᠨ ᠡᠴᠡ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠳ᠋ᠡᠬᠢ ᠪᠠᠷᠢᠯᠭ᠎ᠠ ᠢᠨᠵᠧᠨᠧᠷ ᠦᠨ ᠨᠢᠭᠡᠴᠡ ᠶᠢ ᠥᠷᠭᠡᠵᠢᠭᠦᠯᠵᠦ᠂ ᠲᠥᠷᠦᠯᠵᠢᠭᠦᠯᠦᠨ ᠲᠥᠷᠥᠯ ᠦᠨ ᠴᠡᠷᠢᠭ ᠪᠠᠶᠢᠭᠤᠯᠬᠤ ᠨᠢ ᠵᠦᠢᠲᠡᠢ ᠭᠡᠵᠦ ᠦᠵᠡᠯ᠎ᠡ᠃

ᠰᠡᠳᠬᠢᠭᠳᠡᠯ ᠦᠯᠡᠳᠡᠭᠡᠬᠦ