︽ᠰᠤᠶᠤᠯ ᠤᠷᠠᠯᠢᠭ ᠤᠨ ᠮᠧᠨᠧᠵᠮᠧᠨᠲ ᠮᠣᠩᠭᠣᠯ ᠳᠤ︾ ᠬᠥᠲᠥᠯᠪᠦᠷᠢ ᠬᠡᠷᠡᠭᠵᠢᠭᠦᠯᠦᠨ᠎ᠡ  | News.MN

 ︽ᠰᠤᠶᠤᠯ ᠤᠷᠠᠯᠢᠭ ᠤᠨ ᠮᠧᠨᠧᠵᠮᠧᠨᠲ ᠮᠣᠩᠭᠣᠯ ᠳᠤ︾ ᠬᠥᠲᠥᠯᠪᠦᠷᠢ ᠬᠡᠷᠡᠭᠵᠢᠭᠦᠯᠦᠨ᠎ᠡ 

ᠮᠣᠩᠭᠣᠯ ᠤᠯᠤᠰ ᠬᠤᠯᠪᠤᠭᠠᠨ ᠤ ᠪᠦᠭᠦᠳᠡ ᠨᠠᠶᠢᠷᠠᠮᠳᠠᠬᠤ ᠭᠸᠷᠮᠡᠨ ᠤᠯᠤᠰ᠍ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 45 ᠵᠢᠯ ᠦᠨ ᠣᠢ ᠶᠢᠨ ᠬᠦᠷᠢᠶᠡᠨ ᠳᠦ ︽ᠰᠤᠶᠤᠯ ᠤᠷᠠᠯᠢᠭ ᠤᠨ ᠮᠧᠨᠧᠵᠮᠧᠨᠲ ᠮᠣᠩᠭᠣᠯ ᠳᠤ︾ ᠬᠥᠲᠥᠯᠪᠦᠷᠢ ᠶᠢ ᠭᠧᠷᠮᠠᠨ ᠤ ᠮᠡᠷᠭᠡᠵᠢᠯᠲᠡᠨ ᠨᠦᠭᠦᠳ ᠲᠡᠢ ᠬᠠᠮᠲᠤᠷᠠᠨ ᠬᠡᠷᠡᠭᠵᠢᠭᠦᠯᠵᠦ ᠡᠬᠢᠯᠡᠭᠡᠳ ᠪᠠᠶᠢᠨ᠎ᠠ᠃  ᠬᠥᠲᠥᠯᠪᠦᠷᠢ ᠶᠢ ᠬᠤᠯᠪᠤᠭᠠᠨ ᠤ ᠪᠦᠭᠦᠳᠡ ᠨᠠᠶᠢᠷᠠᠮᠳᠠᠬᠤ ᠭᠸᠷᠮᠡᠨ ᠤᠯᠤᠰ᠍ ᠳᠠᠬᠢ ᠮᠣᠩᠭᠣᠯ ᠤᠯᠤᠰ ᠤᠨ ᠰᠤᠶᠤᠯ ᠤᠨ ᠡᠯᠴᠢ ᠣ᠊∙ᠣᠶᠤᠨᠲᠤᠶᠠᠭ᠎ᠠ ᠰᠠᠨᠠᠭᠠᠴᠢᠯᠠᠭᠰᠠᠨ ᠪᠠ 2020-2021 ᠣᠨ ᠳᠤ ᠦᠷᠭᠦᠯᠵᠢᠯᠡᠨ ᠬᠡᠷᠡᠭᠵᠢᠬᠦ ᠶᠤᠮ᠃
ᠭᠠᠳᠠᠭᠠᠳᠤ ᠬᠠᠷᠢᠯᠴᠠᠭᠠᠨ ᠤ ᠶᠠᠮᠤᠨ ᠤ ᠭᠠᠳᠠᠭᠠᠳᠤ ᠰᠤᠷᠲᠠᠯᠴᠢᠯᠠᠭ᠎ᠠ ᠰᠤᠶᠤᠯ ᠤᠨ ᠬᠠᠷᠢᠯᠴᠠᠭᠠᠨ ᠤ ᠭᠠᠵᠠᠷ ᠤᠨ ᠵᠠᠬᠢᠷᠤᠯ ᠬ∙ᠮᠠᠨᠳᠤᠬᠤᠴᠡᠴᠡᠭ ᠬᠤᠯᠪᠤᠭᠠᠨ ᠤ ᠪᠦᠭᠦᠳᠡ ᠨᠠᠶᠢᠷᠠᠮᠳᠠᠬᠤ ᠭᠸᠷᠮᠡᠨ ᠤᠯᠤᠰ᠍ ᠤᠨ ︽ᠰᠤᠶᠤᠯ ᠤᠷᠠᠯᠢᠭ᠂ ᠬᠡᠪᠯᠡᠯ ᠮᠡᠳᠡᠭᠡᠯᠡᠯ ᠦᠨ ᠡᠳ᠋ ᠦᠨ ᠵᠠᠰᠠᠭ ᠤᠨ ᠬᠦᠷᠢᠶᠡᠯᠡᠩ︾ ᠦᠨ ᠵᠠᠬᠢᠷᠤᠯ᠂ ᠰᠤᠶᠤᠯ ᠤᠷᠠᠯᠢᠭ ᠤᠨ ᠮᠧᠨᠧᠵᠮᠧᠨᠲ ᠦᠨ ᠫᠷᠣᠹᠧᠰᠰᠣᠷ᠂ ᠳ᠋ᠣᠺᠲ᠋ᠣᠷ ᠺ∙ᠽᠢᠪᠸᠨᠾᠠᠷ ᠪᠣᠯᠤᠨ ᠰᠤᠶᠤᠯ ᠤᠨ ᠡᠯᠴᠢ ᠣ᠊∙ᠣᠶᠤᠨᠲᠤᠶᠠᠭ᠎ᠠ ᠨᠠᠷ ᠢ ᠬᠦᠯᠢᠶᠡᠨ ᠠᠪᠴᠤ ᠠᠭᠤᠯᠵᠠᠨ᠂ ᠰᠤᠶᠤᠯ ᠤᠨ ᠰᠠᠯᠪᠤᠷᠢ ᠳ᠋ᠡᠬᠢ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠪᠠ᠃ ᠲᠥᠰᠥᠯ ᠦᠨ ᠬᠦᠷᠢᠶᠡᠨ ᠳᠦ ᠭᠸᠷᠮᠡᠨ ᠦ ᠰᠤᠶᠤᠯ ᠤᠷᠠᠯᠢᠭ ᠤᠨ ᠰᠠᠯᠪᠤᠷᠢ ᠶᠢᠨ ᠮᠧᠨᠧᠵᠧᠷ᠂ ᠤᠳᠤᠷᠢᠳᠤᠯᠭ᠎ᠠ ᠨᠠᠷ ᠢ ᠰᠡᠭᠦᠯ ᠦᠨ 30 ᠵᠢᠯ ᠦᠨ ᠬᠤᠭᠤᠴᠠᠭᠠᠨ ᠳᠤ ᠪᠡᠯᠡᠳᠬᠡᠵᠦ ᠪᠤᠢ ᠲᠤᠷᠰᠢᠯᠭ᠎ᠠ ᠲᠠᠢ ᠫᠷᠣᠹᠧᠰᠰᠣᠷ᠂ ᠳ᠋ᠣᠺᠲ᠋ᠣᠷ ᠺ∙ᠽᠢᠪᠸᠨᠾᠠᠷ ᠨᠢ ᠰᠤᠶᠤᠯ᠂ ᠤᠷᠠᠯᠢᠭ ᠤᠨ ᠮᠧᠨᠧᠵᠮᠧᠨᠲ᠂ ᠤᠳᠤᠷᠢᠳᠤᠯᠭ᠎ᠠ ᠵᠦᠢ᠂ ᠰᠲᠷᠠᠲ᠋ᠧᠭᠢ ᠲᠥᠯᠥᠪᠯᠡᠭᠡ᠂ ᠰᠤᠶᠤᠯ ᠤᠨ ᠪᠣᠳᠣᠯᠭ᠎ᠠ᠂ ᠰᠤᠶᠤᠯ ᠤᠨ ᠥᠪ᠂ ᠡᠷᠬᠡ ᠵᠦᠢ᠂ ᠮᠠᠷᠺᠧᠲ᠋ᠢᠩ᠂ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ᠂ ᠦᠵᠡᠭᠴᠢ ᠣᠯᠠᠨ ᠨᠡᠶᠢᠲᠡ ᠶᠢᠨ ᠬᠥᠭᠵᠢᠯ ᠦᠨ ᠠᠰᠠᠭᠤᠳᠠᠯ ᠪᠠ ᠤᠷᠠᠯᠢᠭ ᠤᠨ ᠪᠣᠯᠪᠠᠰᠤᠷᠠᠯ᠂ ᠰᠤᠶᠤᠯ ᠤᠨ ᠪᠦᠲᠦᠭᠡᠯᠴᠢ ᠦᠢᠯᠡᠳᠪᠦᠷᠢᠯᠡᠯ ᠵᠡᠷᠭᠡ ᠰᠡᠳᠦᠪ ᠢᠶᠡᠷ ᠮᠠᠨ ᠤ ᠰᠤᠶᠤᠯ᠂ ᠤᠷᠠᠯᠢᠭ ᠤᠨ  ᠮᠡᠷᠭᠡᠵᠢᠯᠲᠡᠳ ᠲᠦ ᠡᠷᠴᠢᠮᠵᠢᠭᠦᠯᠦᠭᠰᠡᠨ ᠰᠤᠷᠭᠠᠯᠲᠠ ᠶᠠᠪᠤᠭᠤᠯᠵᠤ ᠪᠠᠶᠢᠨ᠎ᠠ᠃ ︽ᠰᠤᠶᠤᠯ ᠤᠷᠠᠯᠢᠭ ᠤᠨ ᠮᠧᠨᠧᠵᠮᠧᠨᠲ ᠮᠣᠩᠭᠣᠯ ᠳᠤ︾ ︵KUMA︶ ᠬᠥᠲᠥᠯᠪᠦᠷᠢ ᠨᠢ ᠮᠡᠷᠭᠡᠵᠢᠯ ᠦᠨ ᠥᠨᠳᠥᠷ ᠲᠦᠪᠰᠢᠨ ᠦ ᠡᠷᠴᠢᠮᠵᠢᠭᠦᠯᠦᠭᠰᠡᠨ ᠰᠤᠷᠭᠠᠯᠲᠠ ᠲᠡᠳᠦᠢ ᠦᠭᠡᠢ ᠤᠷᠲᠤ ᠬᠤᠭᠤᠴᠠᠭᠠᠨ ᠤ ᠬᠥᠲᠥᠯᠪᠦᠷᠢ ᠭᠡᠳᠡᠭ ᠢᠶᠡᠷ ᠢᠶᠡᠨ ᠣᠨᠴᠠᠯᠢᠭ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ