ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠠᠫᠠᠨ ᠮᠢᠱᠷᠠ ᠲᠠᠢ ᠠᠭᠤᠯᠵᠠᠪᠠ  | News.MN

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠠᠫᠠᠨ ᠮᠢᠱᠷᠠ ᠲᠠᠢ ᠠᠭᠤᠯᠵᠠᠪᠠ 

ᠶᠡᠷᠦᠩᠬᠡᠢ ᠰᠠᠶᠢᠳ ᠤ᠊∙ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ ᠶᠢ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠶᠢᠨ ᠡᠬᠢᠨ ᠳᠦ ᠶᠡᠷᠦᠩᠬᠡᠢ ᠰᠠᠶᠢᠳ ᠤ᠊∙ᠬᠦᠷᠡᠯᠰᠦ᠋ᠬᠡ ᠠᠽᠢᠶ᠎ᠠ ᠶᠢᠨ ᠣᠷᠣᠨ ᠨᠤᠭᠤᠳ ᠲᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢ ᠲᠥᠯᠥᠭᠡᠯᠡᠨ ᠠᠵᠢᠯᠯᠠᠭᠰᠠᠨ ᠠᠷᠪᠢᠨ ᠲᠤᠷᠰᠢᠯᠭ᠎ᠠ ᠲᠠᠢ ᠬᠦᠮᠦᠨ ᠲᠣᠮᠢᠯᠠᠭᠳᠠᠭᠰᠠᠨ ᠳᠤ ᠣᠯᠵᠠᠭᠤᠷᠬᠠᠵᠤ ᠪᠤᠢ ᠪᠠᠨ ᠢᠯᠡᠷᠬᠡᠶᠢᠯᠡᠵᠦ᠂ ᠠᠮᠵᠢᠯᠲᠠ ᠬᠦᠰᠡᠭᠡᠳ᠂ ᠪᠢᠳᠡᠨ ᠦ ᠬᠠᠷᠢᠯᠴᠠᠭ᠎ᠠ᠂ ᠦᠢᠯᠡ ᠠᠵᠢᠯᠯᠠᠭᠠᠨ ᠳᠤ ᠠᠵᠢᠯ ᠤᠨ ᠲᠤᠷᠰᠢᠯᠭ᠎ᠠ ᠠᠷᠭ᠎ᠠ ᠪᠠᠷᠢᠯ ᠲᠠᠨᠢ ᠴᠢᠬᠤᠯᠠ ᠡᠭᠦᠷᠭᠡ ᠭᠦᠢᠴᠡᠳᠭᠡᠨ᠎ᠡ ᠭᠡᠳᠡᠭ ᠲᠦ ᠢᠲᠡᠭᠡᠵᠦ ᠪᠠᠶᠢᠨ᠎ᠠ ᠭᠡᠪᠡ᠃
ᠲᠠᠫᠠᠨ ᠮᠢᠱᠷᠠ᠄ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠨᠢ ᠰᠡᠭᠦᠯ ᠦᠨ ᠵᠢᠯ ᠦᠳ ᠲᠦ ᠪᠣᠳᠣᠯᠭ᠎ᠠ ᠶᠢᠨ ᠰᠢᠨᠡᠴᠢᠯᠡᠯ ᠢ ᠱᠠᠲᠤ ᠳᠠᠷᠠᠭ᠎ᠠ ᠲᠠᠢ ᠶᠠᠪᠤᠭᠤᠯᠵᠤ ᠪᠤᠢ᠃ ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠦᠨ ᠬᠥᠲᠥᠯᠪᠦᠷᠢ ᠵᠡᠷᠭᠡ ᠳᠦ ᠤᠶᠠᠯᠳᠤᠭᠰᠠᠨ ᠪᠣᠳᠣᠯᠭ᠎ᠠ ᠶᠢ ᠬᠡᠷᠬᠢᠨ ᠬᠡᠷᠡᠭᠵᠢᠭᠦᠯᠬᠦ ᠪᠤᠢ ᠭᠡᠳᠡᠭ ᠲᠦ ᠠᠩᠬᠠᠷᠴᠤ ᠪᠠᠶᠢᠨ᠎ᠠ᠃ ᠮᠣᠩᠭᠣᠯ ᠤᠯᠤᠰ ᠲᠣᠭᠲᠠᠪᠤᠷᠢᠲᠠᠢ ᠬᠥᠭᠵᠢᠯ ᠦᠨ ᠦᠵᠡᠯ ᠪᠠᠷᠢᠮᠲᠠᠯᠠᠯ ᠳᠤ ᠪᠠᠨ ᠲᠤᠯᠭᠠᠭᠤᠷᠢᠯᠠᠨ ᠵᠣᠷᠢᠯᠲᠠᠲᠤ ᠲᠦᠪᠰᠢᠨ ᠦ ᠰᠢᠯᠭᠠᠭᠤᠷ ᠦᠵᠡᠭᠦᠯᠦᠯᠲᠡ ᠨᠦᠭᠦᠳ ᠢ ᠲᠣᠳᠣᠷᠬᠠᠶᠢᠯᠠᠵᠤ ᠠᠵᠢᠯᠯᠠᠵᠤ ᠪᠠᠶᠢᠭ᠎ᠠ ᠨᠢ ᠪᠤᠰᠤᠳ ᠣᠷᠣᠨ ᠨᠤᠭᠤᠳ ᠲᠠᠢ ᠬᠠᠷᠢᠴᠠᠭᠤᠯᠬᠤ ᠳᠤ ᠮᠠᠰᠢ ᠰᠠᠶᠢᠨ ᠪᠠᠶᠢᠭ᠎ᠠ᠃ ᠬᠣᠶᠠᠳᠤᠭᠠᠷ ᠲᠤ ᠲᠤᠯᠭᠠᠮᠳᠠᠭᠰᠠᠨ ᠠᠰᠠᠭᠤᠳᠠᠯ ᠢᠶᠠᠨ ᠣᠨᠣᠪᠴᠢᠲᠠᠢ ᠲᠣᠳᠣᠷᠬᠠᠶᠢᠯᠠᠵᠤ᠂ ᠰᠠᠶᠢᠨ ᠳᠤᠷ᠎ᠠ ᠶᠢᠨ ᠲᠠᠶᠢᠯᠤᠨ ᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠨᠳᠡᠷ ᠡᠴᠡ ᠳᠡᠯᠡᠬᠡᠢ ᠶᠢᠨ ᠤᠯᠤᠰ ᠣᠷᠣᠨ ᠨᠤᠭᠤᠳ ᠲᠤ ᠰᠣᠨᠣᠷᠳᠠᠭᠤᠯᠤᠭᠰᠠᠨ ᠨᠢ ᠴᠢᠬᠤᠯᠠ᠃ ᠴᠠᠭᠠᠰᠢᠳᠠ ᠤᠯᠠᠭᠠᠨᠪᠠᠭᠠᠲᠤᠷ ᠬᠣᠲᠠ ᠶᠢᠨ ᠠᠭᠠᠷ ᠣᠷᠴᠢᠨ ᠤ ᠪᠤᠬᠢᠷᠳᠤᠯ ᠢ ᠪᠠᠭᠤᠷᠠᠭᠤᠯᠬᠤ᠂ ᠪᠣᠯᠪᠠᠰᠤᠷᠠᠭᠤᠯᠬᠤ ᠦᠢᠯᠡᠳᠪᠦᠷᠢ ᠶᠢ ᠣᠯᠠᠨ ᠢᠶᠠᠷ ᠪᠠᠷᠢᠵᠤ᠂ ᠨᠡᠮᠡᠭᠦᠦ ᠥᠷᠲᠡᠭ ᠰᠢᠩᠭᠡᠭᠡᠭᠰᠡᠨ ᠪᠦᠲᠦᠭᠡᠭᠳᠡᠬᠦᠨ ᠦᠢᠯᠡᠳᠪᠦᠷᠢᠯᠡᠬᠦ ᠲᠣᠳᠣᠷᠬᠠᠢ ᠵᠣᠷᠢᠯᠲᠠ ᠨᠤᠭᠤᠳ ᠢ ᠳᠡᠮᠵᠢᠬᠦ ᠰᠣᠨᠢᠷᠬᠠᠯᠲᠠᠢ ᠪᠠᠶᠢᠨ᠎ᠠ ᠭᠡᠪᠡ᠃

ᠰᠡᠳᠬᠢᠭᠳᠡᠯ ᠦᠯᠡᠳᠡᠭᠡᠬᠦ