ᠨ∙ᠪᠠᠶᠠᠷᠲᠤᠰᠠᠶᠢᠬᠠᠨ ᠢ ᠮᠣᠩᠭᠣᠯ ᠪᠠᠩᠭᠢᠨ ‍ᠣ ᠶᠡᠷᠦᠩᠬᠡᠶᠢᠯᠡᠭᠴᠢ ᠡᠴᠡ ᠴᠢᠯᠦᠭᠡᠯᠡᠯ᠎ᠡ  | News.MN

ᠨ∙ᠪᠠᠶᠠᠷᠲᠤᠰᠠᠶᠢᠬᠠᠨ ᠢ ᠮᠣᠩᠭᠣᠯ ᠪᠠᠩᠭᠢᠨ ‍ᠣ ᠶᠡᠷᠦᠩᠬᠡᠶᠢᠯᠡᠭᠴᠢ ᠡᠴᠡ ᠴᠢᠯᠦᠭᠡᠯᠡᠯ᠎ᠡ 

ᠤᠯᠤᠰ ᠤᠨ ᠶᠡᠬᠡ ᠬᠤᠷᠠᠯ ᠤᠨ ᠡᠳ᠋ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ᠂ ᠮᠣᠩᠭᠣᠯ ᠪᠠᠩᠭᠢᠨ ᠤ ᠶᠡᠷᠦᠩᠬᠡᠶᠢᠯᠡᠭᠴᠢ ᠨ∙ᠪᠠᠶᠠᠷᠲᠤᠰᠠᠶᠢᠬᠠᠨ ᠢ ᠠᠯᠪᠠᠨ ᠲᠤᠰᠢᠶᠠᠯ ᠠᠴᠠ ᠨᠢ ᠴᠢᠯᠦᠭᠡᠯᠡᠬᠦ ᠶᠢ ᠳᠡᠮᠵᠢᠯ᠎ᠡ᠃ ᠮᠣᠩᠭᠣᠯ ᠤᠯᠤᠰ 2017 ᠣᠨ ᠳᠤ FATF  ᠤᠨ ︽ᠰᠠᠷᠠᠯ ᠵᠢᠭᠰᠠᠭᠠᠯᠲᠠ︾  ᠳᠦ ᠤᠷᠤᠬᠤ ᠡᠷᠡᠰᠳᠡᠯ ᠡᠭᠦᠰᠴᠦ᠂ ᠲᠣᠳᠣᠷᠬᠠᠢ ᠵᠥᠪᠯᠡᠮᠵᠢ ᠪᠡᠶᠡᠯᠡᠭᠦᠯᠬᠦ ᠶᠢ ᠱᠠᠭᠠᠷᠳᠠᠭᠰᠠᠨ᠃ ᠡᠳ᠋ ᠦᠨ ᠵᠠᠰᠠᠭ ᠤᠨ ᠪᠠᠶᠢᠩᠭᠤ ᠶᠢᠨ ᠬᠣᠷᠢᠶ᠎ᠠ ᠡᠨᠡ ᠣᠨ ᠤ ᠵᠢᠷᠭᠤᠳᠤᠭᠠᠷ ᠰᠠᠷ᠎ᠠ ᠶᠢᠨ ᠬᠤᠷᠠᠯᠳᠤᠭᠠᠨ ᠢᠶᠠᠷ᠂ ᠲᠡᠷᠡ ᠵᠥᠪᠯᠡᠮᠵᠢ ᠶᠢ ᠮᠣᠩᠭᠣᠯ ᠪᠠᠩᠬᠢ ᠬᠠᠩᠭᠠᠯᠲᠠ ᠦᠭᠡᠢ ᠪᠡᠶᠡᠯᠡᠭᠦᠯᠦᠭᠰᠡᠨ ᠭᠡᠵᠦ ᠳ᠋ᠦᠩᠨᠡᠵᠡᠢ᠃ ᠲᠡᠶᠢᠮᠦ ᠡᠴᠡ  ︽ᠲᠥᠪ ᠪᠠᠩᠬᠢᠨ ᠤ ᠲᠤᠬᠠᠢ︾ ᠬᠠᠤᠯᠢ ᠶᠢᠨ 26.6 ᠳ᠋ᠤᠭᠠᠷ ᠵᠦᠢᠯ ᠦᠨ 4 ᠳ᠋ᠡᠬᠢ ᠬᠡᠰᠡᠭ ᠲᠦ ︽ᠡᠭᠦᠷᠭᠡᠲᠦ ᠠᠵᠢᠯ ᠢᠶᠠᠨ ᠬᠠᠩᠭᠠᠯᠲᠠ ᠦᠭᠡᠢ ᠪᠡᠶᠡᠯᠡᠭᠦᠯᠦᠭᠰᠡᠨ ︾ ᠪᠣᠯ ᠮᠣᠩᠭᠣᠯ ᠪᠠᠩᠭᠢᠨ ᠤ ᠤᠳᠤᠷᠢᠳᠤᠯᠭ᠎ᠠ ᠶᠢ ᠴᠢᠯᠦᠭᠡᠯᠡᠬᠦ ᠪᠡᠷ ᠵᠢᠭᠠᠭᠰᠠᠨ ᠢ ᠦᠨᠳᠦᠰᠦᠯᠡᠵᠦ ᠨ∙ᠪᠠᠶᠠᠷᠲᠤᠰᠠᠶᠢᠬᠠᠨ  ᠢ ᠴᠢᠯᠦᠭᠡᠯᠡᠬᠦ ᠰᠠᠨᠠᠯ ᠲᠠᠢ ᠪᠠᠶᠢᠭ᠎ᠠ ᠪᠠᠨ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠲᠠᠨᠢᠯᠴᠠᠭᠤᠯᠪᠠ᠃
ᠬᠡᠯᠡᠯᠴᠡᠵᠦ ᠪᠤᠢ ᠠᠰᠠᠭᠤᠳᠠᠯ ᠲᠠᠢ ᠬᠣᠯᠪᠣᠭᠳᠠᠭᠤᠯᠤᠨ ᠭᠡᠰᠢᠭᠦᠳ ᠠᠰᠠᠭᠤᠯᠲᠠ ᠠᠰᠠᠭᠤᠵᠤ᠂ ᠬᠠᠷᠢᠭᠤᠯᠲᠠ ᠠᠪᠤᠭᠰᠠᠨ ᠤ ᠳᠠᠷᠠᠭ᠎ᠠ ᠰᠠᠨᠠᠯ ᠬᠤᠷᠢᠶᠠᠬᠤ ᠳᠤ᠂ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠰᠠᠨᠠᠯ ᠢ ᠭᠡᠰᠢᠭᠦᠳ ᠦᠨ ᠣᠯᠠᠩᠬᠢ ᠳᠡᠮᠵᠢᠵᠦ᠂ ᠨ∙ᠪᠠᠶᠠᠷᠲᠤᠰᠠᠶᠢᠬᠠᠨ ᠢ ᠠᠯᠪᠠᠨ ᠲᠤᠰᠢᠶᠠᠯ ᠠᠴᠠ ᠨᠢ ᠴᠢᠯᠦᠭᠡᠯᠡᠬᠦ ᠲᠣᠭᠲᠠᠭᠠᠯ ᠤᠨ ᠲᠥᠰᠥᠯ ᠢ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠲᠠᠨᠢᠯᠴᠠᠭᠤᠯᠬᠤ ᠪᠠᠷ ᠲᠣᠭᠲᠠᠪᠠ᠃

ᠰᠡᠳᠬᠢᠭᠳᠡᠯ ᠦᠯᠡᠳᠡᠭᠡᠬᠦ