︽ᠰᠢᠪᠠᠭᠤᠨ ᠰᠠᠷᠠᠯ-2019︾ ᠨᠠᠭᠠᠳᠤᠮ  ᠪᠤᠯᠪᠠ  | News.MN

 ︽ᠰᠢᠪᠠᠭᠤᠨ ᠰᠠᠷᠠᠯ-2019︾ ᠨᠠᠭᠠᠳᠤᠮ  ᠪᠤᠯᠪᠠ 

ᠬᠣᠪᠳᠣ ᠠᠶᠢᠮᠠᠭ ᠤᠨ ᠨᠡᠶᠢᠲᠡ ᠶᠢᠨ ᠨᠣᠮ ᠤᠨ ᠰᠠᠩ ᠠᠴᠠ ︽ᠰᠢᠪᠠᠭᠤᠨ ᠰᠠᠷᠠᠯ-2019︾ ᠪᠣᠭᠣᠨᠢ ᠥᠭᠦᠯᠡᠯᠭᠡ᠂ ᠤᠷᠠᠨ ᠤᠩᠰᠢᠯᠭ᠎ᠠ ᠶᠢᠨ ᠨᠠᠭᠠᠳᠤᠮ ᠢ 23 ᠳ᠋ᠡᠬᠢ ᠵᠢᠯ ᠳᠦ ᠪᠡᠨ ᠵᠣᠬᠢᠶᠠᠨ ᠪᠠᠶᠢᠭᠤᠯᠪᠠ᠃
ᠨᠠᠭᠠᠳᠤᠮ ᠢ ᠮᠣᠩᠭᠣᠯ ᠤᠨ ᠰᠢᠨ᠎ᠡ ᠦᠶ᠎ᠡ ᠶᠢᠨ ᠤᠳᠬ᠎ᠠ ᠵᠣᠬᠢᠶᠠᠯ ᠢ ᠦᠨᠳᠦᠰᠦᠯᠡᠭᠴᠢ ᠶᠡᠬᠡ ᠵᠣᠬᠢᠶᠠᠯᠴᠢ ᠳ∙ᠨᠠᠴᠤᠭᠳᠣᠷᠵᠢ ᠶᠢᠨ ᠮᠡᠨᠳᠦᠯᠡᠭᠰᠡᠨ ᠦ 113 ᠵᠢᠯ ᠦᠨ ᠣᠢ ᠳᠤ ᠵᠣᠷᠢᠭᠤᠯᠤᠨ ᠵᠣᠬᠢᠶᠠᠨ ᠪᠠᠶᠢᠭᠤᠯᠤᠭᠰᠠᠨ ᠢᠶᠠᠷ ᠢᠶᠠᠨ ᠣᠨᠴᠠᠯᠢᠭ ᠲᠠᠢ᠃ ᠳ∙ᠨᠠᠴᠤᠭᠳᠣᠷᠵᠢ ᠶᠢᠨ ᠤᠷᠠᠨ ᠪᠦᠲᠦᠭᠡᠯ ᠢ ᠤᠩᠰᠢᠭᠴᠢᠳ ᠲᠤ ᠰᠤᠷᠲᠠᠯᠴᠢᠯᠠᠬᠤ᠂ ᠤᠯᠠᠮ ᠢᠶᠠᠷ ᠰᠤᠷᠤᠭᠴᠢᠳ ᠤᠨ ᠰᠡᠳᠬᠢᠯᠭᠡ ᠶᠢ ᠬᠥᠭᠵᠢᠭᠦᠯᠬᠦ᠂ ᠡᠬᠡ ᠬᠡᠯᠡᠨ ᠦ ᠵᠥᠪ ᠬᠡᠷᠡᠭᠯᠡᠭᠡ ᠶᠢ ᠬᠡᠪᠰᠢᠭᠦᠯᠬᠦ᠂ ᠴᠢᠯᠦᠭᠡᠲᠦ ᠴᠠᠭ ᠢ ᠵᠥᠪ ᠪᠣᠯᠪᠠᠰᠤᠨ ᠥᠩᠭᠡᠷᠡᠭᠦᠯᠵᠦ᠂ ᠨᠣᠮ ᠲᠠᠢ ᠨᠥᠬᠦᠷᠯᠡᠭᠦᠯᠬᠦ ᠳᠦ ᠡᠨᠡᠬᠦ ᠨᠠᠭᠠᠳᠤᠮ ᠤᠨ ᠵᠣᠷᠢᠯᠭ᠎ᠠ ᠴᠢᠭᠯᠡᠵᠦ ᠪᠠᠶᠢᠯ᠎ᠠ᠃
ᠨᠠᠭᠠᠳᠤᠮ ᠳᠤ ᠬᠣᠪᠳᠣ ᠠᠶᠢᠮᠠᠭ ᠤᠨ 17 ᠰᠤᠮᠤ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠭᠴᠢ᠂ ᠣᠶᠤᠲᠠᠨ ᠵᠠᠯᠠᠭᠤᠰ᠂ ᠢᠷᠭᠡᠳ ᠬᠥᠳᠡᠯᠮᠦᠷᠢᠴᠢᠳ ᠡᠴᠡ ᠪᠦᠷᠢᠳᠦᠭᠰᠡᠨ ᠨᠡᠶᠢᠲᠡ 102 ᠠᠪᠢᠶᠠᠰᠲᠠᠨ ᠣᠷᠣᠯᠴᠠᠵᠤ᠂ 4-6᠂ 7-9᠂ 10-12 ᠳ᠋ᠤᠭᠠᠷ ᠠᠩᠭᠢ ᠪᠣᠯᠤᠨ ᠨᠠᠰᠤᠨ ᠳᠤ ᠬᠦᠷᠦᠭᠰᠡᠳ ᠭᠡᠰᠡᠨ ᠳᠥᠷᠪᠡᠨ ᠨᠠᠰᠤᠨ ᠤ ᠠᠩᠭᠢᠯᠠᠯ ᠢᠶᠠᠷ ᠥᠷᠢᠰᠦᠯᠳᠦᠭᠰᠡᠨ ᠶᠤᠮ᠃ 4-6 ᠳ᠋ᠤᠭᠠᠷ ᠠᠩᠭᠢ ᠨᠠᠰᠤᠨ ᠤ ᠠᠩᠭᠢᠯᠠᠯ ᠳᠤ᠄ ᠲᠡᠷᠢᠭᠦᠨ ᠪᠠᠶᠢᠷᠢ ᠳᠤ ᠪᠤᠶᠠᠨᠲᠤ ᠰᠤᠮᠤ ᠶᠢᠨ ᠰᠤᠷᠭᠠᠭᠤᠯᠢ ᠶᠢᠨ 6A ᠠᠩᠬᠢ ᠶᠢᠨ ᠰᠤᠷᠤᠭᠴᠢ ᠠ᠊∙ᠮᠥᠩᠬᠡᠴᠡᠴᠡᠭ︔7-9 ᠳ᠋ᠤᠭᠡᠷ ᠠᠩᠭᠢ ᠨᠠᠰᠤᠨ ᠤ ᠠᠩᠭᠢᠯᠠᠯ ᠳᠤ᠄ ᠲᠡᠷᠢᠭᠦᠨ ᠪᠠᠶᠢᠷᠢ ᠳᠤ ᠡᠷᠳᠡᠨᠢᠪᠦ᠋ᠷᠢᠨ ᠰᠤᠮᠤ ᠶᠢᠨ ᠰᠤᠷᠭᠠᠭᠤᠯᠢ ᠶᠢᠨ 9A ᠠᠩᠬᠢ ᠶᠢᠨ ᠰᠤᠷᠤᠭᠴᠢ ᠳ∙ᠤᠨᠳᠤᠷᠤᠯ︔10-12 ᠳ᠋ᠤᠭᠠᠷ ᠠᠩᠬᠢ ᠶᠢᠨ ᠠᠩᠭᠢᠯᠠᠯ ᠳᠤ᠄ ᠲᠡᠷᠢᠭᠦᠨ ᠪᠠᠶᠢᠷᠢ ᠳᠤ ᠡᠷᠳᠡᠨᠢᠪᠦ᠋ᠷᠢᠨ ᠰᠤᠮᠤ ᠶᠢᠨ ᠰᠤᠷᠭᠠᠭᠤᠯᠢ ᠶᠢᠨ 12A ᠠᠩᠬᠢ ᠶᠢᠨ ᠰᠤᠷᠤᠭᠴᠢ ᠭ∙ᠪᠠᠶᠠᠷᠮ᠎ᠠ ᠲᠤᠰ ᠲᠤᠰ ᠰᠢᠯᠭᠠᠷᠠᠪᠠ᠃ ᠨᠠᠰᠤᠨ ᠳᠤ ᠬᠦᠷᠦᠭᠰᠡᠳ ᠦᠨ ᠠᠩᠭᠢᠯᠠᠯ ᠳᠤ᠄ ᠲᠡᠷᠢᠭᠦᠨ ᠪᠠᠶᠢᠷᠢ ᠳᠤ ᠦᠶᠡᠩᠴᠢ ᠰᠤᠮᠤ ᠶᠢᠨ ᠰᠤᠷᠭᠠᠭᠤᠯᠢ ᠶᠢᠨ ᠪᠠᠭᠰᠢ ᠳ∙ᠣᠳᠬᠣᠨᠲᠤᠶᠠᠭ᠎ᠠ ᠰᠢᠯᠭᠠᠷᠠᠵᠠᠢ᠃

ᠰᠡᠳᠬᠢᠭᠳᠡᠯ ᠦᠯᠡᠳᠡᠭᠡᠬᠦ