ᠨ∙ᠠᠩᠬᠠᠪᠠᠶᠠᠷ ᠢ ᠡᠯᠴᠢᠨ ᠢᠶᠡᠷ ᠲᠤᠮᠢᠯᠠᠬᠤ ᠡᠰᠡᠬᠦ ᠨᠢ ᠲᠤᠳᠤᠷᠬᠠᠢ ᠦᠭᠡᠢ ᠪᠠᠶᠢᠨ᠎ᠠ  | News.MN

ᠨ∙ᠠᠩᠬᠠᠪᠠᠶᠠᠷ ᠢ ᠡᠯᠴᠢᠨ ᠢᠶᠡᠷ ᠲᠤᠮᠢᠯᠠᠬᠤ ᠡᠰᠡᠬᠦ ᠨᠢ ᠲᠤᠳᠤᠷᠬᠠᠢ ᠦᠭᠡᠢ ᠪᠠᠶᠢᠨ᠎ᠠ 

ᠵᠠᠰᠠᠭ ᠤᠨ ᠭᠠᠵᠠᠷ ᠠᠴᠠ ᠵᠠᠷᠢᠮ ᠤᠯᠤᠰ ᠲᠤ ᠰᠠᠭᠤᠬᠤ ᠡᠯᠴᠢᠨ ᠰᠠᠶᠢᠳ ᠤᠨ ᠨᠡᠷᠡᠰ ᠢ ᠶᠡᠷᠦᠩᠬᠡᠶᠢᠯᠡᠭᠴᠢ ᠳᠦ ᠬᠦᠷᠭᠡᠭᠦᠯᠦᠭᠡᠳ ᠪᠤᠢ᠃ ᠶᠡᠷᠦᠩᠬᠡᠶᠢᠯᠡᠭᠴᠢ ᠮᠥᠨ ᠥᠩᠭᠡᠷᠡᠭᠰᠡᠨ ᠪᠠᠰᠠᠩ ᠭᠠᠷᠠᠭ ᠲᠤ ᠤᠯᠤᠰ ᠤᠨ ᠶᠡᠬᠡ ᠬᠤᠷᠠᠯ ᠳᠦ ᠵᠠᠷᠢᠮ ᠡᠯᠴᠢᠨ ᠰᠠᠶᠢᠳ ᠢ ᠡᠭᠡᠭᠦᠯᠦᠨ ᠲᠠᠲᠠᠬᠤ ᠪᠣᠯᠤᠨ ᠲᠤᠮᠢᠯᠠᠬᠤ ᠰᠠᠨᠠᠯ ᠢᠶᠠᠨ ᠬᠦᠷᠭᠡᠭᠦᠯᠦᠭᠰᠡᠨ᠃ ᠲᠡᠭᠦᠨ ᠦ ᠬᠦᠷᠭᠡᠭᠦᠯᠦᠭᠰᠡᠨ ᠰᠠᠨᠠᠯ ᠳᠤ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠤᠨ  ᠬᠦᠦ ᠨ∙ᠠᠩᠬᠠᠪᠠᠶᠠᠷ ᠤᠨ ᠨᠡᠷ᠎ᠡ ᠪᠠᠶᠢᠭᠰᠠᠨ ᠦᠭᠡᠢ᠃
ᠡᠷᠭᠢᠨ ᠰᠠᠨᠠᠭᠤᠯᠬᠤ ᠳᠤ ᠵᠠᠰᠠᠭ ᠤᠨ ᠭᠠᠵᠠᠷ ᠤᠨ 2019 ᠣᠨ ᠤ ᠲᠠᠪᠤᠳᠤᠭᠠᠷ ᠰᠠᠷ᠎ᠠ ᠶᠢᠨ 17  ᠤ ᠡᠳᠦᠷ ᠦᠨ ᠬᠤᠷᠠᠯᠳᠤᠭᠠᠨ ᠢᠶᠠᠷ ᠠᠦᠢᠰᠲᠷᠠᠯᠢᠶ᠎ᠠ ᠶᠢᠨ ᠬᠣᠯᠪᠣᠭᠠᠨ ᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠢᠶᠠᠷ ᠨᠢᠮᠠᠳᠣᠷᠵᠢ ᠶᠢᠨ ᠠᠩᠬᠠᠪᠠᠶᠠᠷ ᠢ ᠲᠣᠮᠢᠯᠠᠬᠤ ᠶᠢ ᠳᠡᠮᠵᠢᠵᠦ ᠲᠤᠰ ᠰᠠᠨᠠᠯ ᠢᠶᠠᠨ ᠶᠡᠷᠦᠩᠬᠡᠶᠢᠯᠡᠭᠴᠢ ᠳᠦ ᠬᠦᠷᠭᠡᠭᠦᠯᠦᠭᠰᠡᠨ᠃ ᠬᠠᠭᠠᠰ ᠵᠢᠯ ᠥᠩᠭᠡᠷᠡᠭᠰᠡᠨ ᠴᠤ ᠨ∙ᠠᠩᠬᠠᠪᠠᠶᠠᠷ ᠢ ᠳᠡᠮᠵᠢᠬᠦ ᠡᠰᠡᠬᠦ ᠠᠰᠠᠭᠤᠳᠠᠯ ᠢᠶᠠᠨ ᠤᠯᠤᠰ ᠤᠨ ᠶᠡᠬᠡ ᠬᠤᠷᠠᠯ ᠳᠦ ᠣᠷᠣᠭᠤᠯᠬᠤ ᠦᠭᠡᠢ ᠪᠠᠶᠢᠭ᠎ᠠ ᠰᠢᠯᠲᠠᠭᠠᠨ ᠢ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠠᠴᠠ ᠲᠣᠳᠣᠷᠠᠭᠤᠯᠬᠤ ᠳᠤ᠄ ᠶᠡᠷᠦᠩᠬᠡᠶᠢᠯᠡᠭᠴᠢ ᠨ∙ᠠᠩᠬᠠᠪᠠᠶᠠᠷ ᠢ ᠡᠯᠴᠢᠨ ᠰᠠᠶᠢᠳ ᠢᠶᠠᠷ ᠲᠤᠮᠢᠯᠠᠬᠤ ᠡᠰᠡᠬᠦ ᠠᠰᠠᠭᠤᠳᠠᠯ ᠢ ᠪᠣᠳᠣᠵᠤ ᠪᠠᠶᠢᠭ᠎ᠠ ᠭᠡᠰᠡᠨ ᠬᠠᠷᠢᠭᠤ ᠦᠭᠭᠦᠯ᠎ᠡ᠃

ᠰᠡᠳᠬᠢᠭᠳᠡᠯ ᠦᠯᠡᠳᠡᠭᠡᠬᠦ