ᠫᠠᠷᠯᠠᠮᠸᠨᠲ ᠠᠴᠠ ᠰᠤᠩᠭᠤᠬᠤ ᠶᠢ ᠶᠡᠷᠦᠩᠬᠡᠶᠢᠯᠡᠭᠴᠢ ᠳᠡᠮᠵᠢᠬᠦ ᠦᠭᠡᠢ ᠪᠠᠶᠢᠭ᠎ᠠ  | News.MN

ᠫᠠᠷᠯᠠᠮᠸᠨᠲ ᠠᠴᠠ ᠰᠤᠩᠭᠤᠬᠤ ᠶᠢ ᠶᠡᠷᠦᠩᠬᠡᠶᠢᠯᠡᠭᠴᠢ ᠳᠡᠮᠵᠢᠬᠦ ᠦᠭᠡᠢ ᠪᠠᠶᠢᠭ᠎ᠠ 

ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠳᠦ ᠶᠡᠷᠦᠩᠬᠡᠶᠢᠯᠡᠭᠴᠢ ᠶᠢᠨ ᠪᠣᠯᠤᠨ ᠪᠤᠰᠤᠳ ᠤᠯᠤᠰ ᠲᠥᠷᠥ ᠶᠢᠨ ᠨᠠᠮ ᠤᠨ ᠰᠠᠨᠠᠯ ᠢ ᠲᠤᠰᠬᠠᠬᠤ᠂ ᠵᠥᠪᠰᠢᠯᠴᠡᠬᠦ ᠡᠭᠦᠷᠭᠡ ᠪᠦᠬᠦᠢ ᠵᠥᠪᠰᠢᠯᠴᠡᠯ ᠦᠨ ᠠᠵᠢᠯ ᠤᠨ ᠬᠡᠰᠡᠭ ᠢ ᠤᠯᠤᠰ ᠤᠨ ᠶᠡᠬᠡ ᠬᠤᠷᠠᠯ ᠠᠴᠠ ᠪᠠᠶᠢᠭᠤᠯᠤᠭᠰᠠᠨ ᠪᠢᠯᠡ᠃ ᠤᠭ ᠠᠵᠢᠯ ᠤᠨ ᠬᠡᠰᠡᠭ ᠥᠨᠥᠳᠥᠷ ᠬᠤᠷᠠᠯᠳᠤᠵᠤ᠂ ᠶᠡᠷᠦᠩᠬᠡᠢ ᠰᠠᠶᠢᠳ ᠲᠠᠩᠬᠢᠮ ᠢᠶᠠᠨ ᠥᠪᠡᠷ ᠢᠶᠡᠨ ᠪᠦᠷᠢᠳᠦᠭᠦᠯᠬᠦ ᠰᠠᠨᠠᠯ ᠳᠡᠭᠡᠷ᠎ᠡ ᠵᠥᠪᠰᠢᠯᠴᠡᠵᠦ ᠴᠢᠳᠠᠭᠰᠠᠨ ᠲᠠᠯ᠎ᠠ ᠪᠠᠷ ᠤᠯᠤᠰ ᠤᠨ ᠶᠡᠬᠡ ᠬᠤᠷᠠᠯ ᠤᠨ ᠭᠡᠰᠢᠭᠦᠨ ᠬ∙ᠨᠢᠮᠠᠪᠠᠭᠠᠲᠤᠷ ᠮᠡᠳᠡᠭᠡᠯᠡᠭᠰᠡᠨ᠃ ᠵᠥᠪᠰᠢᠯᠴᠡᠯ ᠦᠨ ᠠᠵᠢᠯ ᠤᠨ ᠬᠡᠰᠡᠭ ᠦᠨ ᠬᠤᠷᠠᠯᠳᠤᠭᠠᠨ ᠤ ᠲᠠᠯ᠎ᠠ ᠪᠠᠷ ᠤᠯᠤᠰ ᠤᠨ ᠶᠡᠬᠡ ᠬᠤᠷᠠᠯ ᠤᠨ ᠭᠡᠰᠢᠭᠦᠨ ᠳ∙ᠡᠷᠳᠡᠨᠢᠪᠠᠲᠤ ᠠᠴᠠ ᠲᠣᠳᠣᠷᠠᠭᠤᠯᠤᠯ᠎ᠠ᠃
– ᠠᠷᠠᠳᠴᠢᠯᠠᠭᠰᠠᠨ ᠨᠠᠮ᠍ ᠤᠨ ᠭᠤᠷᠪᠠᠨ ᠰᠠᠨᠠᠯ ᠤᠨ ᠨᠢᠭᠡ ᠶᠢ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠳᠦ ᠣᠷᠣᠭᠤᠯᠬᠤ ᠪᠠᠷ ᠪᠣᠯᠵᠤ ᠪᠠᠶᠢᠭ᠎ᠠ ᠶᠤᠮ ᠪᠠᠶᠢᠨ᠎ᠠ᠃ ᠡᠨᠡ ᠲᠠᠯ᠎ᠠ ᠪᠠᠷ ᠲᠣᠳᠣᠷᠠᠭᠤᠯᠬᠤ ᠦᠭᠡᠢ ᠤᠤ︖
– ᠵᠥᠪᠰᠢᠯᠴᠡᠯ ᠦᠨ ᠠᠵᠢᠯ ᠤᠨ ᠬᠡᠰᠡᠭ ᠥᠨᠥᠳᠥᠷ ᠬᠤᠷᠠᠯᠳᠤᠵᠤ᠂ ᠠᠷᠠᠳᠴᠢᠯᠠᠭᠰᠠᠨ ᠨᠠᠮ ᠤᠨ ᠭᠤᠷᠪᠠᠨ ᠦᠨᠳᠦᠰᠦᠨ ᠰᠠᠨᠠᠯ ᠳᠡᠭᠡᠷ᠎ᠡ ᠶᠠᠷᠢᠯᠴᠠᠯ᠎ᠠ᠃ ᠨᠢᠭᠡ ᠠᠯᠬᠤᠮ ᠤᠷᠤᠭᠰᠢᠯᠠᠭᠰᠠᠨ ᠭᠡᠵᠦ ᠣᠶᠢᠯᠠᠭᠠᠵᠤ ᠪᠣᠯᠤᠨ᠎ᠠ᠃ ᠶᠡᠷᠦᠩᠬᠡᠢ ᠰᠠᠶᠢᠳ ᠲᠠᠩᠬᠢᠮ ᠤᠨ ᠰᠠᠶᠢᠳ ᠢᠶᠠᠨ ᠶᠡᠷᠦᠩᠬᠡᠶᠢᠯᠡᠭᠴᠢ ᠳᠦ ᠲᠠᠨᠢᠯᠴᠠᠭᠤᠯᠵᠤ ᠲᠣᠮᠢᠯᠠᠨ᠎ᠠ ᠭᠡᠳᠡᠭ ᠵᠢᠭᠠᠯᠲᠠ ᠳᠡᠭᠡᠷ᠎ᠡ ᠨᠢᠭᠡᠳᠦᠭᠰᠡᠨ ᠰᠠᠨᠠᠯ ᠳᠤ ᠬᠦᠷᠦᠭᠰᠡᠨ ᠭᠡᠵᠦ ᠬᠡᠯᠡᠵᠦ ᠪᠣᠯᠤᠨ᠎ᠠ᠃
– ᠶᠡᠷᠦᠩᠬᠡᠶᠢᠯᠡᠭᠴᠢ ᠶᠢ ᠫᠠᠷᠯᠠᠮᠸᠨᠲ ᠠᠴᠠ ᠰᠣᠩᠭᠣᠳᠠᠭ ᠪᠣᠯᠬᠤ ᠰᠠᠨᠠᠯ ᠳᠡᠭᠡᠷ᠎ᠡ ᠵᠥᠪᠰᠢᠯᠴᠡᠯ ᠦᠨ ᠠᠵᠢᠯ ᠤᠨ ᠬᠡᠰᠡᠭ ᠦᠨ ᠬᠢᠨ ᠶᠠᠮᠠᠷ ᠪᠠᠶᠢᠷᠢ ᠰᠠᠭᠤᠷᠢ ᠲᠠᠢ ᠪᠠᠶᠢᠭ᠎ᠠ ᠪᠤᠢ ︖
– ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠢᠨ ᠬᠡᠯᠡᠵᠦ ᠪᠠᠶᠢᠭ᠎ᠠ ᠪᠠᠷ ᠶᠡᠷᠦᠩᠬᠡᠶᠢᠯᠡᠭᠴᠢ ᠡᠨᠡ ᠰᠠᠨᠠᠯ ᠢ ᠳᠡᠮᠵᠢᠬᠦ ᠦᠭᠡᠢ ᠪᠠᠶᠢᠭ᠎ᠠ ᠶᠤᠮ ᠰᠢᠭ᠋ ᠰᠠᠨᠠᠭᠳᠠᠭᠰᠠᠨ᠃ ᠭᠡᠬᠦ ᠳᠦ ᠪᠡᠨ ᠡᠭᠦᠨ ᠢ ᠳᠡᠮᠵᠢᠭᠦᠯᠬᠦ ᠶᠢᠨ ᠲᠤᠯᠠᠳᠠ ᠣᠳᠣ ᠶᠢᠨ ᠶᠡᠷᠦᠩᠬᠡᠶᠢᠯᠡᠭᠴᠢ ᠶᠢᠨ ᠪᠦᠷᠢᠨ ᠡᠷᠬᠡ ᠳᠦ ᠬᠠᠯᠳᠠᠬᠤ ᠦᠭᠡᠢ ᠪᠠᠶᠢᠬᠤ ᠪᠠᠷ ᠰᠢᠢᠳᠪᠦᠷᠢᠯᠡᠬᠦ ᠪᠣᠯᠤᠮᠵᠢ ᠪᠠᠶᠢᠭ᠎ᠠ᠃
– ᠰᠣᠩᠭᠣᠭᠤᠯᠢ ᠶᠢᠨ ᠬᠣᠯᠢᠮᠠᠭ ᠲᠣᠭᠲᠠᠯᠴᠠᠭᠠᠨ ᠤ ᠲᠠᠯ᠎ᠠ ᠪᠠᠷ ᠶᠠᠮᠠᠷ ᠶᠠᠮᠠᠷ ᠰᠠᠨᠠᠯ  ᠭᠠᠷᠴᠤ ᠪᠠᠶᠢᠭ᠎ᠠ ᠶᠤᠮ ᠪᠤᠢ ︖
– ᠬᠣᠯᠢᠮᠠᠭ ᠲᠣᠭᠲᠠᠯᠴᠠᠭᠠᠨ ᠳᠡᠭᠡᠷ᠎ᠡ76 ᠭᠡᠰᠢᠭᠦᠨ ᠦ 50  ᠬᠤᠪᠢ ᠶᠢ ᠫᠷᠣᠫᠤᠷᠼᠢᠶᠣᠨᠠᠯ᠂ 50  ᠬᠤᠪᠢ ᠶᠢ ᠨᠢ ᠮᠠᠵᠤᠷᠢᠲ᠋ᠠᠷ ᠰᠢᠰᠲ᠋ᠧᠮ ᠢᠶᠡᠷ ᠶᠠᠪᠤᠭᠤᠯᠬᠤ ᠬᠤᠪᠢᠯᠪᠤᠷᠢ ᠶᠠᠷᠢᠭᠳᠠᠵᠤ ᠪᠠᠶᠢᠭ᠎ᠠ᠃ ᠡᠨᠡ ᠬᠤᠪᠢᠯᠪᠤᠷᠢ ᠶᠢ ᠨᠠᠮ ᠤᠨ ᠨᠡᠷ᠎ᠡ ᠶᠢᠨ ᠳᠣᠣᠷ᠎ᠠ ᠨᠢᠭᠤᠭᠳᠠᠵᠤ ᠰᠣᠩᠭᠣᠭᠳᠠᠬᠤ ᠬᠡᠯᠪᠡᠷᠢ ᠭᠡᠵᠦ ᠪᠢᠲᠡᠭᠡᠢ ᠪᠤᠷᠤᠭᠤ ᠲᠠᠶᠢᠯᠪᠤᠷᠢ ᠬᠢᠭᠡᠴᠢ ᠭᠡᠵᠦ ᠬᠦᠰᠡᠵᠦ ᠪᠠᠶᠢᠨ᠎ᠠ᠃ ᠨᠡᠷᠡᠰ ᠦᠨ ᠵᠢᠭᠰᠠᠭᠠᠯᠲᠠ ᠪᠠᠷ ᠢᠯᠡ ᠭᠠᠷᠭᠠᠭᠠᠳ᠂ ᠠᠷᠤ ᠳᠠᠭᠠᠨ ᠨᠠᠮ ᠤᠨ ᠢᠶᠠᠨ ᠨᠡᠷ᠎ᠡ ᠲᠡᠢ ᠨᠡᠷ᠎ᠡ ᠳᠡᠪᠰᠢᠳᠡᠭ ᠵᠠᠷᠴᠢᠮ ᠵᠥᠪ ᠰᠢᠦ ᠳ᠋ᠡ᠃

ᠰᠡᠳᠬᠢᠭᠳᠡᠯ ᠦᠯᠡᠳᠡᠭᠡᠬᠦ