ᠲᠥᠷᠥ ᠶᠢᠨ ᠠᠯᠪᠠᠨ ᠬᠠᠭᠠᠭᠴᠢᠳ ᠢ ᠠᠮᠧᠷᠢᠺᠠ  ᠳᠦ ᠰᠤᠷᠤᠯᠴᠠᠭᠤᠯᠤᠨ᠎ᠠ  | News.MN

ᠲᠥᠷᠥ ᠶᠢᠨ ᠠᠯᠪᠠᠨ ᠬᠠᠭᠠᠭᠴᠢᠳ ᠢ ᠠᠮᠧᠷᠢᠺᠠ  ᠳᠦ ᠰᠤᠷᠤᠯᠴᠠᠭᠤᠯᠤᠨ᠎ᠠ 

ᠮᠡᠷᠭᠡᠵᠢᠯ ᠦᠨ ᠪᠣᠯᠪᠠᠰᠤᠷᠠᠯ ᠢ ᠳᠡᠮᠵᠢᠬᠦ ᠰᠠᠩ ᠨᠢ 2014 ᠣᠨ ᠳᠤ ᠡᠭᠦᠰᠬᠡᠨ ᠪᠠᠶᠢᠭᠤᠯᠤᠭᠳᠠᠭᠰᠠᠨ ᠪᠥᠭᠡᠳ ᠠᠮᠧᠷᠢᠺᠠ ᠶᠢᠨ ᠬᠠᠷᠸᠠᠷᠳ᠋ ᠤᠨ ᠶᠡᠬᠡ ᠰᠤᠷᠭᠠᠭᠤᠯᠢ ᠶᠢᠨ ᠪᠣᠭᠣᠨᠢ ᠬᠡᠮᠵᠢᠶᠡᠨ ᠦ ᠰᠤᠷᠭᠠᠯᠲᠠ ᠨᠤᠭᠤᠳ ᠲᠤ ᠮᠣᠩᠭᠣᠯ ᠤᠯᠤᠰ ᠠᠴᠠ ᠣᠶᠤᠲᠠᠨ ᠵᠠᠯᠠᠭᠤᠰ ᠢ ᠠᠮᠵᠢᠯᠲᠠ ᠲᠠᠢ ᠰᠤᠷᠤᠯᠴᠠᠭᠤᠯᠤᠭᠰᠠᠨ ᠲᠤᠷᠰᠢᠯᠭ᠎ᠠ ᠲᠠᠢ ᠪᠠᠶᠢᠭᠤᠯᠤᠯᠭ᠎ᠠ ᠶᠤᠮ᠃ ᠮᠡᠷᠭᠡᠵᠢᠯ ᠦᠨ ᠪᠤᠯᠪᠠᠰᠤᠷᠠᠯ ᠢ ᠳᠡᠮᠵᠢᠬᠦ ᠰᠠᠩ᠂ ᠠᠮᠧᠷᠢᠺᠠ ᠶᠢᠨ ᠸᠠᠰᠢᠩᠲ᠋ᠣᠨ ᠬᠤᠲᠠ ᠳᠤ ᠪᠠᠶᠢᠷᠢᠯᠠᠬᠤ University of North America ᠶᠡᠬᠡ ᠰᠤᠷᠭᠠᠭᠤᠯᠢ᠂ Osgood center for International studies ᠲᠥᠪ ᠲᠡᠢ ᠬᠠᠮᠲᠤᠷᠠᠨ ᠠᠵᠢᠯᠯᠠᠬᠤ ᠭᠡᠷ᠎ᠡ ᠪᠠᠶᠢᠭᠤᠯᠵᠤ᠂ ᠮᠣᠩᠭᠣᠯ ᠤᠯᠤᠰ ᠠᠴᠠ ᠠᠯᠪᠠᠨ ᠶᠣᠰᠣᠨ ᠤ ᠲᠥᠯᠥᠭᠡᠯᠡᠭᠴᠢ ᠶᠢᠨ ᠡᠷᠬᠡ ᠲᠡᠢ ᠪᠡᠷ ᠦᠢᠯᠡ ᠠᠵᠢᠯᠯᠠᠭ᠎ᠠ ᠪᠠᠨ ᠶᠠᠪᠤᠭᠤᠯᠵᠤ ᠪᠠᠶᠢᠨ᠎ᠠ᠃ ᠡᠨᠡ ᠬᠦᠷᠢᠶᠡᠨ ᠳᠦ ᠲᠥᠷᠥ ᠶᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠬᠠᠮᠲᠤᠷᠠᠭᠰᠠᠨ ᠰᠤᠷᠭᠠᠯᠲᠠ ᠶᠢᠨ ᠪᠣᠭᠣᠨᠢ ᠬᠡᠮᠵᠢᠶᠡᠨ ᠦ ᠬᠥᠲᠥᠯᠪᠦᠷᠢ ᠬᠡᠷᠡᠭᠵᠢᠭᠦᠯᠵᠦ ᠡᠬᠢᠯᠡᠯ᠎ᠡ᠃

ᠡᠨᠡᠬᠦ ᠰᠤᠷᠭᠠᠯᠲᠠ ᠨᠢ 2019 ᠣᠨ ᠤ 12 ᠳ᠋ᠤᠭᠠᠷ ᠰᠠᠷ᠎ᠠ ᠶᠢᠨ 09-16 ‍ᠣ ᠬᠣᠭᠣᠷᠣᠨᠳᠣ ᠬᠡᠷᠡᠭᠵᠢᠬᠦ ᠪᠥᠭᠡᠳ ᠠᠮᠧᠷᠢᠺᠠ ᠶᠢᠨ ᠲᠥᠷᠥ ᠶᠢᠨ ᠪᠠᠶᠢᠭᠤᠯᠤᠯᠭ᠎ᠠ ᠨᠤᠭᠤᠳ ᠤᠨ ᠪᠦᠲᠦᠴᠡ ᠵᠣᠬᠢᠶᠠᠨ ᠪᠠᠶᠢᠭᠤᠯᠤᠯᠲᠠ᠂ ᠲᠥᠷᠥ ᠶᠢᠨ ᠪᠠᠶᠢᠭᠤᠯᠤᠯᠭ᠎ᠠ ᠨᠤᠭᠤᠳ ᠤᠨ ᠶᠣᠰᠣ ᠵᠦᠢ ᠶᠢᠨ ᠬᠡᠮ ᠬᠡᠮᠵᠢᠶ᠎ᠡ᠂ ᠮᠥᠷᠳᠡᠭᠳᠡᠳᠡᠭ ᠳᠦᠷᠢᠮ ᠵᠢᠷᠤᠮ ᠵᠣᠬᠢᠴᠠᠭᠤᠯᠤᠯᠲᠠ ᠨᠤᠭᠤᠳ᠂ ᠢᠯᠡ ᠲᠣᠳᠣ ᠬᠠᠷᠢᠭᠤᠴᠠᠯᠭ᠎ᠠ ᠲᠠᠢ ᠨᠡᠭᠡᠭᠡᠯᠲᠡ ᠲᠡᠢ ᠵᠠᠰᠠᠭᠯᠠᠯ ᠤᠨ ᠬᠡᠯᠪᠡᠷᠢ᠂ ᠲᠥᠷᠥ ᠶᠢᠨ ᠪᠠᠶᠢᠭᠤᠯᠤᠯᠭ᠎ᠠ ᠶᠢᠨ ᠬᠠᠮᠲᠤ ᠶᠢᠨ ᠠᠵᠢᠯᠯᠠᠭ᠎ᠠ᠂ ᠪᠠᠭ ᠲᠤ ᠥᠨᠳᠥᠷ ᠦᠷ᠎ᠡ ᠪᠦᠲᠦᠭᠡᠮᠵᠢ ᠲᠡᠢ ᠠᠵᠢᠯᠯᠠᠬᠤ ᠠᠷᠭ᠎ᠠ ᠪᠠᠷᠢᠯ ᠲᠤᠷᠰᠢᠯᠭ᠎ᠠ ᠵᠢᠱᠢᠶ᠎ᠡ᠂ ᠬᠥᠷᠥᠩᠭᠡ ᠣᠷᠣᠭᠤᠯᠤᠯᠲᠠ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠨᠤᠭᠤᠳ ᠪᠣᠯᠤᠨ ᠬᠤᠳᠠᠯᠳᠤᠭ᠎ᠠ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠨᠤᠭᠤᠳ ᠲᠠᠢ ᠲᠠᠨᠢᠯᠴᠠᠬᠤ ᠬᠥᠲᠥᠯᠪᠦᠷᠢ ᠨᠦᠭᠦᠳ ᠪᠠᠭᠲᠠᠭᠰᠠᠨ ᠪᠣᠯᠤᠨ᠎ᠠ᠃

ᠰᠡᠳᠬᠢᠭᠳᠡᠯ ᠦᠯᠡᠳᠡᠭᠡᠬᠦ