ᠬᠡᠢ ᠶᠢᠨ ᠬᠤᠭᠤᠯᠠᠢ ᠶᠢᠨ ᠲᠤᠬᠠᠢ ᠶᠠᠷᠢᠯᠴᠠᠯ᠎ᠠ | News.MN

 ᠬᠡᠢ ᠶᠢᠨ ᠬᠤᠭᠤᠯᠠᠢ ᠶᠢᠨ ᠲᠤᠬᠠᠢ ᠶᠠᠷᠢᠯᠴᠠᠯ᠎ᠠ

︽ᠵᠡᠭᠦᠨ ᠬᠤᠶᠢᠳᠤ ᠠᠽᠢᠶ᠎ᠠ ᠶᠢᠨ ᠣᠷᠣᠨ ᠨᠤᠭᠤᠳ ᠤᠨ  ᠪᠠᠶᠢᠭᠠᠯᠢ ᠶᠢᠨ ᠬᠡᠢ ᠪᠣᠯᠤᠨ ᠬᠡᠢ ᠳᠠᠮᠵᠢᠭᠤᠯᠬᠤ ᠬᠣᠭᠣᠯᠠᠢ︾ ᠹᠣᠷᠣᠮ ᠤᠨ ᠡᠭᠡᠯᠵᠢᠲᠦ ᠬᠤᠷᠠᠯ ᠤᠯᠠᠭᠠᠨᠪᠠᠭᠠᠲᠤᠷ ᠬᠤᠲᠠ ᠳᠤ ᠵᠣᠬᠢᠶᠠᠨ ᠪᠠᠶᠢᠭᠤᠯᠤᠭᠳᠠᠵᠤ ᠪᠠᠶᠢᠭ᠎ᠠ ᠲᠠᠢ ᠬᠣᠯᠪᠣᠭᠳᠠᠭᠤᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠲᠤᠰ ᠹᠣᠷᠣᠮ ᠤᠨ ᠶᠡᠷᠦᠩᠬᠡᠶᠢᠯᠡᠭᠴᠢ ᠨᠤᠪᠤᠤ ᠲᠠᠨᠠᠺᠠ ᠲᠡᠷᠢᠭᠦᠲᠡᠢ ᠭᠦᠢᠴᠡᠳᠭᠡᠬᠦ ᠬᠣᠷᠢᠶᠠᠨ ᠤ ᠭᠡᠰᠢᠭᠦᠳ ᠢ ᠬᠦᠯᠢᠶᠡᠨ ᠠᠪᠴᠤ ᠠᠭᠤᠯᠵᠠᠯ᠎ᠠ᠃ ᠵᠡᠭᠦᠨ ᠬᠤᠶᠢᠳᠤ ᠠᠽᠢᠶ᠎ᠠ ᠶᠢᠨ ᠡᠳ᠋ ᠍ ᠦᠨ ᠵᠠᠰᠠᠭ᠂ ᠬᠦᠮᠦᠨ ᠠᠮᠠ ᠨᠡᠮᠡᠭᠳᠡᠬᠦ ᠶᠢᠨ ᠬᠢᠷᠢ ᠪᠡᠷ ᠡᠷᠴᠢᠮ ᠬᠦᠴᠦ᠂  ᠪᠠᠶᠢᠭᠠᠯᠢ ᠶᠢᠨ ᠬᠡᠢ ᠪᠡᠷ ᠬᠠᠩᠭᠠᠬᠤ ᠠᠰᠠᠭᠤᠳᠠᠯ ᠤᠯᠠᠮ ᠪᠦᠷ ᠴᠢᠬᠤᠯᠠ ᠰᠡᠳᠦᠪ ᠪᠣᠯᠵᠤ ᠪᠤᠢ ᠶᠢ ᠲᠠᠯ᠎ᠠ ᠨᠤᠭᠤᠳ ᠣᠨᠴᠠᠯᠠᠭᠠᠳ᠂ ᠡᠨᠡᠬᠦ ᠬᠡᠷᠡᠭᠴᠡᠭᠡ ᠶᠢ ᠬᠠᠩᠭᠠᠬᠤ ᠳᠤ ᠮᠣᠩᠭᠣᠯ ᠤᠯᠤᠰ ᠤᠨ ᠣᠷᠣᠯᠴᠠᠭ᠎ᠠ ᠴᠢᠬᠤᠯᠠ ᠭᠡᠳᠡᠭ ᠲᠡᠢ ᠰᠠᠨᠠᠯ ᠨᠢᠭᠡᠳᠦᠭᠰᠡᠨ ᠶᠤᠮ᠃ ᠵᠢᠱᠢᠶ᠎ᠡ ᠨᠢ᠂ ᠣᠷᠣᠰ ᠬᠢᠲᠠᠳ ᠤᠷᠤᠭᠤ ᠮᠣᠩᠭᠣᠯ ᠤᠯᠤᠰ ᠢᠶᠠᠷ ᠳᠠᠭᠠᠷᠢᠭᠤᠯᠤᠨ 1100 ᠣᠷᠴᠢᠮ ᠺᠢᠯᠤᠮᠸᠲᠷ ᠤᠷᠲᠤ ᠬᠡᠢ ᠶᠢᠨ ᠬᠣᠭᠣᠯᠠᠢ ᠲᠠᠲᠠᠬᠤ ᠨᠢ ᠬᠠᠮᠤᠭ ᠤᠨ ᠳᠥᠲᠡ ᠵᠠᠮ ᠪᠥᠭᠡᠳ ᠶᠠᠫᠣᠨ᠂ ᠰᠣᠯᠣᠩᠭᠣᠰ ᠵᠡᠷᠭᠡ ᠬᠡᠷᠡᠭᠯᠡᠭᠴᠢ ᠣᠷᠣᠨ ᠨᠤᠭᠤᠳ ᠲᠤ ᠡᠷᠴᠢᠮ ᠬᠦᠴᠦ ᠨᠡᠶᠢᠯᠡᠭᠦᠯᠵᠦ᠂ ᠦᠨ᠎ᠡ ᠶᠢ ᠪᠠᠭᠤᠷᠠᠭᠤᠯᠬᠤ ᠪᠣᠯᠤᠮᠵᠢ ᠲᠠᠢ ᠭᠡᠵᠦ ᠲᠣᠭᠠᠴᠠᠭᠠᠯᠠᠵᠤ ᠪᠠᠶᠢᠭ᠎ᠠ ᠶᠤᠮ᠃ ᠡᠨᠡ ᠠᠰᠠᠭᠤᠳᠠᠯ ᠢᠶᠠᠷ ᠠᠭᠤᠯᠵᠠᠯᠲᠠ ᠳᠤ ᠣᠷᠣᠯᠴᠠᠭᠰᠠᠨ ᠬᠢᠲᠠᠳ᠂ ᠰᠤᠯᠤᠩᠭᠤᠰ᠂ ᠣᠷᠣᠰ ᠪᠣᠯᠤᠨ ᠶᠠᠫᠣᠨ ᠤ ᠡᠷᠳᠡᠮᠲᠡᠨ ᠰᠤᠳᠤᠯᠤᠭᠠᠴᠢᠳ ᠥᠪᠡᠷ ᠥᠪᠡᠷ ᠦᠨ ᠪᠠᠶᠢᠷᠢ ᠰᠠᠭᠤᠷᠢ ᠶᠢ ᠢᠯᠡᠷᠬᠡᠶᠢᠯᠡᠵᠦ᠂ ᠳᠡᠯᠭᠡᠷᠡᠩᠭᠦᠢ ᠶᠠᠷᠢᠯᠴᠠᠯ᠎ᠠ᠃

ᠶᠡᠷᠦᠩᠬᠡᠶᠢᠯᠡᠭᠴᠢ ᠬ∙ᠪᠠᠲᠤᠲᠤᠯᠭ᠎ᠠ ᠬᠡᠢ ᠶᠢᠨ ᠬᠣᠭᠣᠯᠠᠢ ᠶᠢ ᠮᠣᠩᠭᠣᠯ ᠤᠯᠤᠰ ᠢᠶᠠᠷ ᠳᠠᠭᠠᠷᠢᠭᠤᠯᠬᠤ ᠠᠰᠠᠭᠤᠳᠠᠯ ᠳᠤ ᠨᠤᠬᠤᠴᠠᠲᠠᠢ ᠬᠠᠨᠳᠤᠵᠤ᠂ ᠨᠢᠭᠲᠠ ᠬᠠᠮᠲᠤᠷᠠᠨ ᠠᠵᠢᠯᠯᠠᠬᠤ ᠶᠢ ᠹᠣᠷᠣᠮ ᠤᠨ ᠣᠷᠣᠯᠴᠠᠭᠴᠢᠳ ᠠᠴᠠ ᠬᠦᠰᠡᠭᠰᠡᠨ ᠶᠤᠮ᠃

ᠰᠡᠳᠬᠢᠭᠳᠡᠯ ᠦᠯᠡᠳᠡᠭᠡᠬᠦ