ᠪ∙ᠪᠠᠲᠤᠴᠡᠴᠡᠭ ᠡᠲ᠋ᠢᠶᠤᠫ ᠤᠨ ᠡᠯᠴᠢᠨ ᠰᠠᠶᠢᠳ ᠲᠠᠢ ᠠᠭᠤᠯᠵᠠᠪᠠ  | News.MN

ᠪ∙ᠪᠠᠲᠤᠴᠡᠴᠡᠭ ᠡᠲ᠋ᠢᠶᠤᠫ ᠤᠨ ᠡᠯᠴᠢᠨ ᠰᠠᠶᠢᠳ ᠲᠠᠢ ᠠᠭᠤᠯᠵᠠᠪᠠ 

ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ∙ᠪᠠᠲᠤᠴᠡᠴᠡᠭ ᠬᠣᠯᠪᠣᠭᠠᠨ ᠤ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠡᠲ᠋ᠢᠶᠤᠫ ᠤᠯᠤᠰ ᠠᠴᠠ ᠮᠣᠩᠭᠣᠯ ᠤᠯᠤᠰ ᠲᠤ ᠰᠠᠭᠤᠬᠤ ᠡᠯᠴᠢᠨ ᠰᠠᠶᠢᠳ ᠲᠡᠰᠾᠤᠮᠸ ᠲᠤᠭ᠎ᠠ ᠴᠠᠨᠠᠺᠠ ᠶᠢ ᠢᠲᠡᠭᠡᠮᠵᠢᠯᠡᠬᠦ ᠵᠢᠭᠤᠬᠤ ᠪᠢᠴᠢᠭ ᠢᠶᠡᠨ ᠪᠠᠷᠢᠬᠤ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠪᠠ᠃
ᠡᠯᠴᠢᠨ ᠰᠠᠶᠢᠳ ᠲᠡᠰᠾᠤᠮᠸ ᠲᠤᠭ᠎ᠠ ᠴᠠᠨᠠᠺᠠ ᠢᠲᠡᠭᠡᠮᠵᠢᠯᠡᠬᠦ ᠵᠢᠭᠤᠬᠤ ᠪᠢᠴᠢᠭ ᠦᠨ ᠢᠶᠡᠨ ᠬᠤᠪᠢ ᠶᠢ ᠳᠡᠳ᠋ ᠰᠠᠶᠢᠳ ᠲᠤ ᠭᠠᠷᠳᠠᠭᠤᠯᠵᠤ᠂ ᠮᠣᠩᠭᠣᠯ᠂ ᠡᠲ᠋ᠢᠶᠤᠫ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠪᠣᠯᠤᠮᠵᠢ ᠶᠢ ᠡᠷᠢᠯᠬᠢᠯᠡᠵᠦ ᠠᠵᠢᠯᠯᠠᠬᠤ ᠪᠠᠨ ᠢᠯᠡᠷᠬᠡᠶᠢᠯᠡᠪᠡ᠃ ᠪ∙ᠪᠠᠲᠤᠴᠡᠴᠡᠭ ᠮᠣᠩᠭᠣᠯ᠂ ᠡᠲ᠋ᠢᠶᠤᠫ ᠬᠣᠶᠠᠷ ᠤᠯᠤᠰ ᠨᠢ ᠳᠠᠯᠠᠢ ᠳᠤ ᠭᠠᠷᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠬᠤᠪᠢ ᠪᠠᠷ  ᠳᠠᠯᠠᠢ ᠳᠤ ᠭᠠᠷᠴᠠ ᠦᠭᠡᠢ ᠤᠷᠤᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ ᠪᠠᠶᠢᠭᠤᠯᠬᠤ ᠳᠤ ᠬᠠᠮᠲᠤᠷᠠᠨ ᠠᠵᠢᠯᠯᠠᠵᠤ ᠢᠷᠡᠭᠰᠡᠨ ᠢ ᠲᠡᠮᠳᠡᠭᠯᠡᠵᠦ᠂ ᠴᠢᠨᠠᠭᠰᠢᠳᠠ ᠣᠯᠠᠨ ᠤᠯᠤᠰ ᠤᠨ ᠡᠩᠬᠡ ᠶᠢ ᠰᠠᠬᠢᠭᠤᠯᠬᠤ ᠦᠢᠯᠡ ᠠᠵᠢᠯᠯᠠᠭᠠᠨ ᠳᠤ ᠢᠳᠡᠪᠬᠢᠲᠡᠢ ᠣᠷᠣᠯᠴᠠᠭᠴᠢ ᠣᠷᠣᠨ ᠨᠤᠭᠤᠳ ᠲᠤᠯᠠ ᠲᠤᠷᠰᠢᠯᠭ᠎ᠠ ᠠᠴᠠ ᠪᠠᠨ ᠬᠤᠪᠢᠶᠠᠯᠴᠠᠬᠤ ᠪᠣᠯᠤᠮᠵᠢ ᠲᠠᠢ ᠶᠢ ᠣᠨᠴᠠᠯᠠᠪᠠ᠃ ᠮᠣᠩᠭᠣᠯ ᠤᠯᠤᠰ ᠨᠢ ᠡᠲ᠋ᠢᠶᠤᠫ ᠤᠯᠤᠰ ᠲᠠᠢ 1967 ᠣᠨ ᠤ ᠨᠢᠭᠡᠳᠦᠭᠡᠷ ᠰᠠᠷ᠎ᠠ ᠶᠢᠨ 24  ᠦ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠶᠤᠮ᠃

ᠰᠡᠳᠬᠢᠭᠳᠡᠯ ᠦᠯᠡᠳᠡᠭᠡᠬᠦ